ᠤᠢᠢᠷ᠎ᠠ ᠶᠢᠨ ᠵᠢᠯ ᠠᠴᠠ᠂ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ | ᠪᠣᠯᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠤᠩᠬᠤᠪᠴᠢ ᠪᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠠᠵᠢᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠤᠭᠤᠷᠣᠨᠳᠣᠬᠢ ᠬᠥᠭᠦᠷᠭᠡ ᠶᠢ ᠲᠠᠯᠪᠢᠵᠡᠢ᠃ | ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠷᠣᠬᠤ ᠳᠤ᠂ ᠶᠡᠭᠡ | ᠲᠢᠩᠬᠢᠮ ᠳᠠᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠶ ᠤᠬᠠᠭᠤᠯᠭ᠎ᠠ ᠶᠢᠨ ᠦᠵᠡᠭᠦᠯᠭᠡ ᠶᠢᠨ | ᠰᠠᠮᠪᠠᠷ᠎ᠠ ᠭᠠᠵᠠᠷ ᠪᠣᠯᠭᠠᠨ ᠳᠤ ᠬᠠᠷᠠᠭᠳᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤ ᠴᠤᠭᠴᠠᠯᠠᠬᠤ ᠠᠭᠤᠷ ᠠᠮᠢᠰᠬᠤᠯ ᠮᠠᠰᠢ ᠦᠳᠭᠡᠨ ᠪᠠᠶᠢᠯ᠎ᠠ᠃ ᠲᠦᠩ ᠬᠠᠢ ᠵᠠᠮ ᠤᠨ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠯᠦ ᠰᠢᠶᠤᠤ ᠵᠢᠶᠠᠨ ᠶᠡᠭᠡ ᠲᠢᠩᠬᠢᠮ ᠳᠤ ᠡᠵᠡᠩᠨᠡᠯᠲᠡ ᠶᠢᠨ ᠦᠨᠡᠮᠯᠡᠯ ᠤᠨ | ᠨᠡᠮᠡᠯᠲᠡ ᠵᠦᠢᠯ ᠢ ᠭᠦᠢᠴᠡᠳᠬᠡᠬᠦ ᠳᠤ ᠡ᠊ᠨᠳᠡᠬᠢ ᠥᠨᠳᠥᠷ ᠪᠦᠲᠦᠮᠵᠢᠲᠡᠢ ᠳᠥᠭᠦᠮ ᠳᠥᠲᠡ ᠦᠢᠯᠡᠴᠢᠯᠡᠭᠡ ᠨᠢ ᠲᠡᠭᠦᠨ | ᠢ ᠪᠠᠶᠠᠰᠬᠠᠵᠠᠢ᠃ | ︽ᠪᠢ ᠥᠨᠥᠳᠦᠷ ᠡᠵᠡᠩᠨᠡᠯᠲᠡ ᠶᠢᠨ ᠦᠨᠡᠮᠯᠡᠯ ᠤᠨ ᠨᠡᠮᠡᠯᠲᠡ ᠵᠦᠢᠯ ᠢ ᠠᠪᠬᠤ ᠪᠠᠷ ᠢᠷᠡᠵᠡᠢ᠂ ᠬᠡᠳᠦᠬᠡᠨ | ᠮᠢᠨᠦ᠋ᠲ ᠤᠨ ᠳᠣᠲᠣᠷ᠎ᠠ ᠭᠦᠢᠴᠡᠳᠭᠡᠴᠢᠬᠡᠯᠡ᠂ ᠲᠦᠷᠭᠡᠨ ᠮᠦᠷᠳᠡᠭᠡᠨ ᠳᠥᠭᠦᠮ︾ ᠭᠡᠵᠦ ᠰᠠᠭᠤᠭᠠᠯᠢ ᠠᠷᠠᠳ ᠯᠦ | ᠰᠢᠶᠤᠤ ᠵᠢᠶᠠᠨ ᠰᠤᠷᠪᠤᠯᠵᠢᠯᠠᠭᠴᠢ ᠳᠤ ᠬᠡᠯᠡᠪᠡ᠃ | ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ︽ᠬᠥᠮᠦᠨ ᠪᠣᠯᠭᠠᠨ | ᠳᠦᠷᠢ ᠲᠥᠷᠬᠦ ᠶᠢᠨ ᠡᠯᠴᠢᠨ᠂ ᠴᠤᠩᠬᠤᠪᠴᠢ ᠪᠣᠯᠭᠠᠨ ᠰᠠᠭᠠᠳ ᠥᠬᠡᠶ ᠨᠡᠪᠲᠡᠷᠡᠬᠦ ᠵᠠᠮ ᠮᠦᠨ︾ ᠭᠡᠬᠦ ᠠᠵᠢᠯ ᠤᠨ | ᠱᠠᠭᠠᠷᠳᠠᠯᠭ᠎ᠠ ᠶᠣᠰᠣᠭᠠᠷ᠂ ︽ᠳᠤᠲᠠᠭᠤ ᠶᠢ ᠭᠥᠯᠢᠶᠡᠨ ᠠᠪᠴᠤ ᠰᠢᠢᠳᠪᠤᠷᠢᠯᠡᠬᠦ︾ ︽ᠤᠷᠢᠳᠴᠢᠯᠠᠨ ᠪᠣᠯᠵᠣᠬᠤ | ᠦᠢᠯᠡᠴᠢᠯᠡᠭᠡ︾ ᠵᠡᠷᠭᠡ ᠤᠨᠴᠠᠯᠢᠭᠳᠤ ᠦᠢᠯᠡᠴᠢᠯᠡᠭᠡ ᠶᠢ ᠥᠷᠭᠡᠨ ᠢᠶᠠᠷ ᠥᠷᠨᠢᠭᠦᠯᠪᠡ᠃ ︽ᠠᠨᠠᠷ ᠤᠨ ᠦᠷ᠎ᠡ ᠶᠢᠨ | ᠦᠢᠯᠡᠴᠢᠯᠡᠭᠡᠨ ᠤ ᠥᠷᠲᠡᠭᠡ︾ ︽ᠵᠠᠯᠠᠭᠤᠴᠤᠳ ᠤᠨ ᠪᠣᠯᠪᠠᠰᠤᠨ ᠨᠡᠷᠡᠮᠵᠢᠲᠦ︾ ᠵᠡᠷᠭᠡ ᠦᠢᠯᠡᠴᠢᠯᠡᠭᠡᠨ ᠤ | ᠴᠤᠩᠬᠤᠪᠴᠢ ᠶᠢ 22 ᠭᠠᠷᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠭᠤᠨ ᠳᠤᠯᠠᠭᠠᠨ ᠪᠠ ᠬᠤᠷᠳᠤᠴᠠ ᠶᠢ ᠮᠡᠳᠡᠷᠡᠭᠦᠯᠪᠡ᠃ | ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠢᠨᠠᠨ ᠵᠥᠪᠰᠢᠶᠡᠷᠡᠬᠦ | ᠦᠢᠯᠡᠴᠢᠯᠡᠭᠡ ᠶᠢ ᠲᠠᠰᠤᠷᠠᠯᠲᠠ ᠥᠬᠡᠶ ᠲᠦᠷᠭᠡᠨ ᠳᠡᠭᠡᠭᠰᠢᠯᠡᠭᠦᠯᠬᠦ ᠪᠠᠷ ᠣᠨᠣᠯ ᠤᠨ ᠰᠤᠷᠤᠯᠴᠠᠯᠭ᠎ᠠ ᠵᠡᠷᠭᠡ | ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤ ᠴᠤᠭᠴᠠᠯᠠᠬᠤ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠮᠦᠵᠢᠯ ᠪᠠ ᠦᠢᠯᠡᠴᠢᠯᠡᠭᠡ | ᠶᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠨ᠂ ᠦᠢᠯᠡᠴᠢᠯᠡᠭᠡ ᠶᠢ ᠦᠨᠳᠦᠰᠦᠲᠡᠨ ᠨᠦᠭᠦᠳ ᠤᠨ ᠣᠯᠠᠨ | ᠲᠦᠮᠡᠨ ᠤ ᠰᠡᠳᠬᠢᠯ ᠳᠤ ᠦᠨᠡᠨ ᠬᠦ ᠬᠠᠳᠠᠩᠰᠢᠭᠤᠯᠵᠠᠶ᠃ | ︽ᠴᠤᠩᠬᠤᠪᠴᠢ ᠶᠢᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠦᠨᠳᠦᠰᠦᠲᠡᠨ ᠨᠦᠭᠦᠳ ᠤᠨ | ᠣᠯᠠᠨ ᠲᠦᠮᠡᠨ ᠳᠤ ᠨᠡᠩ ᠰᠢᠯᠢᠳᠡᠭ᠂ ᠨᠡᠩ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠤᠴᠢᠷ ᠶᠠᠪᠤᠳᠠᠯ | ᠭᠦᠢᠴᠡᠳᠭᠡᠬᠦ ᠳᠡᠭᠡᠨ ᠬᠤᠷᠳᠤᠴᠠ ᠲᠠᠢ ᠪᠦᠭᠡᠳ ᠳᠤᠳᠤᠨᠤᠰᠤᠭ ᠦᠢᠯᠡᠴᠢᠯᠡᠭᠡ ᠬᠠᠩᠭᠠᠬᠤ ᠶᠢ ᠪᠠᠳᠤᠯᠠᠨ᠎ᠠ︾ ᠭᠡᠵᠦ | ᠵᠠᠯᠠᠶᠢᠳ ᠬᠤᠰᠢᠭᠤᠨ ᠤ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠴᠤᠩᠬᠤᠪᠴᠢ ᠶᠢᠨ ᠠᠵᠢᠯᠲᠠᠨ ᠯᠢ ᠵᠢᠶᠠ ᠴᠢ | ᠰᠤᠷᠪᠤᠯᠵᠢᠯᠠᠭᠴᠢ ᠳᠤ ᠬᠡᠯᠡᠪᠡ᠃ | ᠤᠢᠢᠷ᠎ᠠ ᠶᠢᠨ ᠵᠢᠯ ᠠᠴᠠ᠂ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠦᠬᠦ ᠶᠠᠪᠤᠴᠠ ᠳᠤ ᠠᠭᠤᠰᠤᠯᠴᠠᠭᠤᠯᠵᠤ᠂ ᠮᠠᠲ᠋ᠧᠷᠢᠶᠠᠯ ᠢ ᠪᠠᠭᠠᠰᠬᠠᠬᠤ᠂ | ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠨᠠᠰᠢ ᠴᠠᠰᠢ ᠭᠦᠶᠦᠯᠲᠡ ᠶᠢ ᠪᠠᠭᠠᠰᠬᠠᠬᠤ | ᠳᠡᠭᠡᠷ᠎ᠡ ᠬᠦᠴᠦᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠠᠬᠢᠭᠤᠯᠤᠨ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠨᠠᠩ ᠴᠥᠭᠡᠨ᠂ ᠶᠠᠪᠤᠴᠠ ᠨᠠᠩ ᠰᠢᠯᠢᠳᠡᠭ᠂ ᠴᠠᠭ ᠤᠨ | ᠬᠢᠵᠠᠭᠠᠷ ᠨᠠᠩ ᠣᠬᠤᠷ᠂ ᠥᠪᠡᠷ ᠤᠨ ᠥᠷᠲᠡᠭ ᠨᠠᠩ ᠳᠣᠤᠷ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ | ᠲᠣᠭᠤᠷᠢᠨ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ | ᠺᠢᠯᠣᠮᠧᠲᠷ︾ ᠢ ᠦᠨᠡᠨ ᠬᠦ ᠨᠡᠪᠲᠡᠷᠡᠭᠦᠯᠪᠡ᠃ ᠣᠳᠣᠬᠠᠨ ᠳᠤ᠂ 1541 ᠵᠦᠢᠯ ᠤᠨ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠵᠦᠢᠯᠡᠰ ᠢ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ | ︽ᠨᠢᠭᠡ ᠯᠡ ᠦᠷᠳᠡᠭᠡᠴᠢᠯᠡᠬᠦ ᠮᠠᠶ᠋ᠢᠭ︾ ᠢᠶᠠᠷ ᠪᠡᠶᠡᠯᠡᠭᠦᠯᠵᠦ ᠪᠣᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠳᠤᠮᠳᠠᠴᠢ ᠪᠠᠷ 90% ᠠᠴᠠ ᠳᠡᠭᠡᠭᠰᠢ ᠪᠠᠭᠠᠰᠬᠠᠵᠤ᠂ 42 | ᠴᠤᠩᠬᠤᠪᠴᠢ ᠪᠠᠷ ᠪᠦᠷᠢᠯᠳᠦᠭᠰᠡᠨ ᠵᠥᠷᠢᠶ᠎ᠡ ᠥᠬᠡᠶ ᠶᠡᠷᠦᠩᠬᠡᠶᠢᠯᠡᠨ ᠭᠥᠯᠢᠶᠡᠨ ᠠᠪᠴᠤ ᠰᠢᠢᠳᠪᠤᠷᠢᠯᠡᠬᠦ ᠲᠤᠰᠬᠠᠶ | ᠣᠷᠣᠨ ᠢ ᠪᠣᠶ ᠪᠣᠯᠭᠠᠵᠤ᠂ 1366 ᠵᠦᠢᠯᠡᠰ ᠢ ᠪᠦᠬᠦᠨ ᠢ ᠶᠡᠷᠦᠩᠬᠡᠶᠢᠯᠡᠭᠰᠡᠨ ᠴᠤᠩᠬᠤᠪᠴᠢ ᠳᠤ ᠣᠷᠣᠭᠤᠯᠤᠨ᠂ ︽ | ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠤᠷᠢᠯᠡᠬᠦ᠂ ᠠᠷᠤ ᠲᠠᠪᠴᠠᠩ ᠳᠤ ᠲᠥᠷᠥᠯ | ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠤᠩᠬᠤᠪᠴᠢ ᠪᠠᠷ ᠮᠠᠲ᠋ᠧᠷᠢᠶᠠᠯ ᠭᠠᠷᠭᠠᠬᠤ︾ ᠶᠢ ᠪᠡᠶᠡᠯᠡᠭᠦᠯᠤᠨ᠂ ︽ | ᠤᠯᠠᠨ ᠲᠦᠮᠡᠨ ᠢ ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠵᠦ᠂ ᠰᠡᠳᠬᠢᠯ ᠬᠠᠩᠬᠤ | ᠨᠣᠷᠮ᠎ᠠ ᠶᠢ 100% ᠳᠤ ᠬᠦᠷᠦᠭᠦᠯᠪᠡ᠃ | ︽ᠲᠠᠷᠠᠭᠠᠴᠢ ᠶᠢᠨ ᠠᠯᠬᠤᠮ ᠤᠨ ᠠᠵᠢᠯ ᠳᠤ᠂ ᠪᠢᠳᠡ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠠᠵᠢᠯ ᠤᠨ ᠭᠤᠤᠯ ᠰᠢᠵᠢᠮ ᠢᠶᠠᠨ ᠪᠣᠯᠭᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠪᠣᠯᠬᠤ ᠪᠠᠷ ᠴᠢᠷᠮᠠᠶᠢᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠩ ᠲᠥᠬᠦᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠣᠷᠴᠢᠨ ᠨᠥᠬᠦᠴᠡᠯ ᠢ ᠬᠠᠩᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠲᠤ | ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︾ ᠭᠡᠵᠦ ᠵᠠᠯᠠᠶᠢᠳ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠵᠧᠩ ᠹᠦ᠋ ᠴᠢᠤᠸᠠᠨ ᠰᠤᠷᠪᠤᠯᠵᠢᠯᠠᠭᠴᠢ ᠳᠤ ᠬᠡᠯᠡᠪᠡ᠃ |