ᠵᠠᠯᠠᠶᠢᠳ ᠬᠤᠰᠢᠭᠤᠨ ᠤ ᠪᠠᠶᠢᠴᠠᠭᠠᠬᠤ ᠬᠤᠷᠢᠶ᠎ᠠ ᠴᠤᠤᠯ ᠭᠤᠤᠯ ᠰᠤᠷᠭᠠᠭᠤᠯᠢ ᠪᠠᠷ ᠬᠦᠷᠴᠦ ᠬᠠᠤᠯᠢ ᠪᠠᠷ ᠵᠠᠰᠠᠬᠤ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/3/15
       ᠣᠶᠢᠷ᠎ᠠ ᠳᠤ᠂ ᠵᠠᠯᠠᠶᠢᠳ ᠬᠤᠰᠢᠭᠤᠨ ᠤ ᠪᠠᠶᠢᠴᠠᠭᠠᠬᠤ ᠬᠤᠷᠢᠶ᠎ᠠ ᠪᠠᠶᠢᠴᠠᠭᠠᠬᠤ ᠠᠵᠢᠯᠲᠠᠨ ᠢᠶᠠᠨ ᠵᠣᠬᠢᠶᠠᠨ ᠪᠠᠶᠢᠭᠤᠯᠤᠨ ᠴᠤᠤᠯ ᠭᠤᠤᠯ ᠰᠤᠷᠭᠠᠭᠤᠯᠢ ᠪᠠᠷ ᠬᠦᠷᠴᠦ᠂ ᠰᠤᠷᠤᠭᠴᠢᠳ ᠲᠤ ︽ᠬᠠᠤᠯᠢ ᠪᠠᠷ ᠵᠠᠰᠠᠬᠤ ᠤᠬᠠᠭᠤᠯᠭ᠎ᠠ  ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠰᠢᠷᠢᠰ ᠠᠵᠢᠯᠯᠠᠭ᠎ᠠ ᠦᠷᠨᠢᠭᠦᠯᠪᠡ᠃    ᠬᠠᠤᠯᠢ ᠪᠠᠷ ᠵᠠᠰᠠᠬᠤ ᠬᠢᠴᠢᠶᠡᠯ ᠳᠡᠭᠡᠷ᠎ᠡ᠂ ᠪᠠᠶᠢᠴᠠᠭᠠᠬᠤ ᠠᠵᠢᠯᠲᠠᠨ ᠰᠤᠷᠤᠭᠴᠢᠳ ᠲᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢ ᠲᠠᠶᠢᠯᠪᠤᠷᠢᠯᠡᠵᠠᠢ᠃ ᠡᠭᠦᠨ ᠤ ᠬᠠᠮᠳᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠲᠠᠶᠢᠯᠪᠤᠷᠢᠯᠠᠵᠤ᠂ ᠰᠤᠷᠤᠭᠴᠢᠳ ᠲᠤ ᠬᠠᠤᠯᠢ ᠶᠢ ᠮᠡᠳᠡᠬᠦ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢᠨ ᠴᠢᠬᠤᠯᠠ ᠴᠢᠨᠠᠷ ᠢ ᠭᠦᠨᠵᠡᠭᠡᠶ ᠪᠥᠭᠡᠳ ᠣᠶᠢᠯᠠᠭᠠᠮᠵᠢᠲᠠᠶ ᠶᠠᠷᠢᠬᠤ ᠪᠠᠷ ᠲᠠᠮᠵᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠬᠠᠤᠯᠢ ᠪᠠᠷ ᠵᠠᠰᠠᠬᠤ ᠦᠵᠡᠯᠲᠡ ᠪᠠ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠶᠣᠰᠣ ᠮᠣᠷᠠᠯ ᠢ ᠡᠷᠬᠢᠮᠯᠡᠨ ᠬᠠᠤᠯᠢ ᠶᠢ ᠡᠷᠬᠢᠮᠯᠡᠬᠦ ᠬᠠᠤᠯᠢ ᠪᠠᠷ ᠵᠠᠰᠠᠬᠤ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠪᠠ᠃   ᠳᠠᠷᠠᠭᠠᠴᠢ ᠶᠢᠨ ᠠᠯᠬᠤᠮ ᠳᠤ᠂ ᠵᠠᠯᠠᠶᠢᠳ ᠬᠤᠰᠢᠭᠤᠨ ᠤ ᠪᠠᠶᠢᠴᠠᠭᠠᠬᠤ ᠬᠤᠷᠢᠶ᠎ᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠷᠭ᠎ᠠ ᠮᠠᠶ᠋ᠢᠭ ᠪᠠ ᠠᠭᠤᠯᠭ᠎ᠠ ᠪᠠᠨ ᠦᠷᠭᠦᠯᠵᠢᠯᠡᠨ ᠪᠠᠶᠠᠯᠢᠭᠵᠢᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠵᠠᠯᠠᠭᠤᠴᠤᠳ ᠪᠠᠭᠠᠴᠤᠳ ᠤᠨ ᠰᠡᠳᠬᠢᠯ ᠳᠤ ᠦᠨᠡᠨ ᠬᠦ ᠬᠠᠳᠠᠩᠰᠢᠭᠤᠯᠵᠤ᠂ ᠰᠤᠷᠤᠭᠴᠢᠳ ᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢᠨ ᠡᠷᠬᠢᠮᠯᠡᠭᠴᠢ᠂ ᠰᠠᠬᠢᠭᠴᠢ᠂ ᠬᠠᠮᠠᠭᠠᠯᠠᠭᠴᠢ ᠪᠤᠯᠭᠠᠬᠤ ᠪᠠᠷ ᠳᠠᠶᠢᠴᠢᠯᠠᠨ ᠵᠢᠯᠤᠭᠤᠳᠤᠨ᠎ᠠ᠃
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号