ᠵᠠᠯᠠᠶᠢᠳ ᠬᠤᠰᠢᠭᠤᠨ ᠤ ᠲᠠᠮᠡᠭᠡᠴᠢ ᠪᠠᠯᠭᠠᠰᠤ ᠬᠠᠪᠤᠷ ᠤᠨ ᠤᠯᠠᠷᠢᠯ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2024/3/15
   ᠬᠠᠪᠤᠷ ᠤᠨ ᠤᠯᠠᠷᠢᠯ ᠪᠣᠯ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠲᠥᠷᠥᠯ ᠤᠨ ᠭᠠᠯ ᠲᠦᠢᠮᠡᠷ ᠤᠨ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠵᠠᠯᠠᠶᠢᠳ ᠬᠤᠰᠢᠭᠤᠨ ᠤ ᠳᠡᠮᠡᠭᠡᠴᠢ ᠪᠠᠯᠭᠠᠰᠤ ᠤᠳᠤᠷᠢᠳᠤᠯᠭ᠎ᠠ ᠪᠠᠨ ᠴᠢᠩᠭᠠᠳᠬᠠᠬᠤ᠂ ᠵᠢᠵᠢᠭᠦᠷᠯᠡᠨ ᠰᠠᠬᠢᠬᠤ᠂ ᠰᠣᠷᠢᠯᠲᠠ ᠪᠠᠨ ᠴᠢᠬᠤᠯᠠᠴᠢᠯᠠᠬᠤ᠂ ᠥᠷᠭᠡᠨ ᠢᠶᠠᠷ ᠤᠬᠠᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ ᠪᠠᠶᠢᠨ᠎ᠠ᠃    ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠵᠡᠯ ᠰᠠᠨᠠᠭᠠᠨ ᠤ ︽ᠭᠠᠯ ᠰᠡᠷᠭᠡᠶᠢᠯᠡᠬᠦ ᠱᠤᠭᠤᠮ︾ ᠢ ᠪᠠᠬᠢᠵᠢᠭᠦᠯᠦᠨ᠎ᠡ᠃ ᠬᠠᠪᠤᠷ ᠤᠨ ᠤᠯᠠᠷᠢᠯ ᠳᠤ ᠤᠷᠤᠭᠰᠠᠨ ᠠᠴᠠ ᠨᠠᠰᠢ ᠳᠡᠮᠡᠭᠡᠴᠢ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠷᠲᠡ ᠠᠴᠠ ᠪᠠᠶᠢᠷᠢᠯᠠᠭᠤᠯᠵᠤ᠂ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠤᠨ ᠭᠤᠤᠯᠳᠠᠯᠭ᠎ᠠ᠂ ᠵᠠᠩᠭᠢᠯᠠᠭ᠎ᠠ ᠶᠢᠨ ᠴᠡᠭ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠵᠡᠷᠭᠡ ᠠᠵᠢᠯ ᠤᠨ ᠠᠭᠤᠯᠭ᠎ᠠ ᠶᠢ ᠲᠣᠳᠣᠷᠬᠠᠶᠢᠯᠠᠨ᠂ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠦᠵᠡᠯ ᠰᠠᠨᠠᠭ᠎ᠠ ᠪᠠᠨ ᠨᠢᠭᠡᠳᠬᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠳᠤ ᠥᠨᠴᠥᠭ ᠪᠤᠯᠤᠩ ᠦᠯᠡᠳᠡᠭᠡᠬᠦ ᠥᠬᠡᠶ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠵᠢᠵᠢᠭᠦᠷᠯᠡᠬᠦ ᠶᠢ ᠴᠢᠩᠳᠠᠯᠠᠵᠤ᠂ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠤᠷ︾ ᠢ ᠨᠢᠭᠲᠠ ᠰᠦᠯᠵᠢᠨ᠎ᠡ᠃ ᠪᠠᠯᠭᠠᠰᠤ ᠲᠣᠰᠬᠤᠨ ᠬᠤᠶᠠᠷ ᠱᠠᠲᠤᠨ ᠤ 24 ᠴᠠᠭ ᠢᠶᠠᠷ ᠵᠢᠵᠢᠭᠦᠷᠯᠡᠨ ᠰᠠᠬᠢᠬᠤ ᠶᠢ ᠴᠢᠩᠭ᠎ᠠ ᠨᠠᠶᠢᠳᠠᠪᠤᠷᠢᠵᠢᠭᠤᠯᠵᠤ ᠂ ᠭᠠᠯ ᠤᠨ ᠪᠠᠶᠢᠳᠠᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ᠂ ᠭᠠᠯ ᠤᠨ ᠪᠠᠶᠢᠳᠠᠯ ᠢ ᠬᠢᠨᠠᠨ ᠬᠡᠮᠵᠢᠬᠦ ᠪᠠ ᠵᠢᠵᠢᠭᠦᠷᠯᠡᠨ ᠲᠣᠬᠢᠷᠠᠭᠤᠯᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠪᠠᠶᠢᠳᠠᠯ ᠢᠶᠠᠨ ᠴᠠᠭ ᠲᠤᠬᠠᠶ ᠳᠤᠨᠢ ᠣᠨᠣᠪᠴᠢᠲᠠᠶ ᠳᠡᠭᠡᠭᠰᠢ ᠮᠡᠳᠡᠭᠦᠯᠵᠦ᠂ ᠤᠳᠠᠭᠠᠰᠢᠷᠠᠭᠤᠯᠤᠨ ᠮᠡᠳᠡᠭᠦᠯᠬᠦ ᠥᠬᠡᠶ᠂ ᠣᠷᠬᠢᠭᠳᠠᠭᠤᠯᠤᠨ ᠮᠡᠳᠡᠭᠦᠯᠬᠦ ᠥᠬᠡᠶ᠂ ᠬᠡᠷᠡᠭ ᠮᠡᠳᠡᠬᠦᠯᠬᠦ ᠶᠢ ᠨᠢᠭᠤᠬᠤ ᠥᠬᠡᠶ ᠪᠠᠶᠢᠬᠤ ᠶᠢ ᠪᠡᠶᠡᠯᠡᠭᠦᠯᠵᠦ᠂ ᠠᠵᠢᠯ ᠤᠨ ᠪᠠᠶᠢᠷᠢ ᠠᠴᠠ ᠪᠠᠨ ᠰᠠᠯᠵᠤ ᠠᠵᠢᠯ ᠤᠨ ᠪᠠᠶᠢᠷᠢ ᠠᠴᠠ ᠪᠠᠨ ᠬᠤᠴᠣᠷᠬᠤ ᠶᠢ ᠡᠷᠡᠰ ᠬᠤᠷᠢᠭᠯᠠᠨ᠎ᠠ᠃ ᠪᠥᠬᠦ ᠪᠠᠯᠭᠠᠰᠤᠨ ᠤ ᠭᠠᠯ ᠤᠨᠲᠠᠷᠠᠭᠠᠭᠤᠷ ᠤᠨ ᠲᠥᠬᠦᠭᠡᠷᠦᠮᠵᠢ ᠶᠢ ᠤᠷᠢᠳᠴᠢᠯᠠᠨ ᠪᠥᠬᠦ ᠲᠠᠯ᠎ᠠ ᠪᠠᠷ ᠪᠠᠶᠢᠴᠠᠭᠠᠨ ᠵᠠᠰᠠᠵᠤ᠂ ᠴᠢᠳᠠᠮᠵᠢ ᠪᠠᠷ ᠰᠠᠶᠢᠨ ᠪᠠᠶᠢᠬᠤ ᠶᠢ ᠪᠠᠲᠤᠯᠠᠨ᠎ᠠ᠃ ᠡᠯ᠎ᠡ ᠭᠠᠴᠠᠭ᠎ᠠ ᠲᠣᠰᠬᠤᠨ ᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠭ᠎ᠠ ᠠᠩᠭᠢ ᠶᠢᠨ ᠬᠢᠨ 24 ᠴᠠᠭ ᠤᠨ ᠳᠣᠲᠣᠷ᠎ᠠ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠭᠠᠯ ᠭᠠᠷᠤᠭᠰᠠᠨ ᠦᠶ᠎ᠡ ᠳᠤ ︽ᠵᠣᠷᠢᠭᠲᠠᠶ ᠪᠠᠷ ᠳᠠᠭᠠᠷᠢᠬᠤ᠂ ᠵᠣᠷᠢᠭᠲᠠᠶ ᠪᠠᠷ ᠤᠷᠤᠭᠰᠢᠯᠠᠬᠤ᠂ ᠵᠣᠷᠢᠭᠲᠠᠶ ᠪᠠᠷ ᠲᠡᠮᠡᠴᠡᠬᠦ︾ ᠶᠢ ᠦᠨᠡᠨ ᠬᠦ ᠪᠠᠲᠤᠯᠠᠪᠠ᠃    ᠭᠠᠯ ᠰᠡᠷᠭᠡᠶᠢᠯᠡᠬᠦ ᠰᠣᠷᠢᠯᠲᠠ ᠶᠢ ᠵᠣᠬᠢᠶᠠᠨ ᠪᠠᠶᠢᠭᠤᠯᠵᠤ᠂ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠨ᠎ᠠ᠃ ᠳᠡᠮᠡᠭᠡᠴᠢ ᠪᠠᠯᠭᠠᠰᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠢ ᠶᠡᠷᠦᠩᠬᠡᠶᠢᠯᠡᠨ ᠰᠢᠢᠳᠪᠤᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠤᠨ᠂ ᠭᠠᠯ ᠤᠨ ᠭᠠᠮᠰᠢᠭ ᠢ ᠪᠦᠲᠦᠮᠵᠢᠲᠡᠶ᠂ ᠠᠮᠤᠷ ᠲᠦᠪᠰᠢᠨ᠂ ᠲᠦᠷᠭᠡᠨ᠂ ᠰᠢᠨᠵᠢᠯᠡᠬᠦ ᠤᠬᠠᠭᠠᠨᠴᠢ ᠪᠠᠷ ᠤᠨᠲᠠᠷᠠᠭᠠᠬᠤ ᠶᠢ ᠦᠨᠡᠨ ᠬᠦ ᠪᠠᠲᠤᠯᠠᠵᠤ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠦᠯᠦᠭᠡ᠂ 3 ᠰᠠᠷ᠎ᠠ ᠶᠢᠨ 14 ᠤ ᠡᠳᠦᠷ ᠳᠡᠮᠡᠭᠡᠴᠢ ᠪᠠᠯᠭᠠᠰᠤ ᠡᠯ᠎ᠡ ᠭᠠᠴᠠᠭ᠎ᠠ ᠲᠤᠰᠬᠤᠨ ᠢ ᠵᠣᠬᠢᠶᠠᠨ ᠪᠠᠶᠢᠭᠤᠯᠤᠨ ᠭᠠᠯ ᠰᠡᠷᠭᠡᠶᠢᠯᠡᠬᠦ ᠰᠣᠷᠢᠯᠲᠠ ᠶᠢ ᠥᠷᠨᠢᠭᠦᠯᠵᠦ᠂ ᠪᠥᠬᠦ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠭᠠᠬᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠶᠢᠨ ᠪᠦᠷᠢᠯᠳᠦᠬᠦᠨ ᠨᠡᠷ ᠰᠣᠷᠢᠯᠲᠠ ᠳᠤ ᠣᠷᠣᠯᠴᠠᠨ᠂ ᠲᠤᠬᠠᠶ ᠶᠢᠨ ᠲᠠᠯᠠᠪᠤᠷ ᠲᠤᠨᠢ ᠭᠠᠯ ᠰᠡᠷᠭᠡᠶᠢᠯᠡᠵᠦ ᠤᠨᠲᠠᠷᠠᠭᠠᠬᠤ ᠬᠠᠮᠢᠶ᠎ᠠ ᠪᠥᠬᠦᠶ ᠪᠠᠭᠠᠵᠢ ᠬᠡᠷᠡᠭᠰᠡᠯ ᠢ ᠬᠡᠷᠡᠭᠯᠡᠬᠦ ᠪᠠ ᠰᠡᠯᠪᠢᠨ ᠵᠠᠰᠠᠬᠤ ᠲᠠᠯ᠎ᠠ ᠪᠠᠷ ᠪᠣᠳᠠᠲᠠᠶ ᠪᠣᠯᠪᠠᠰᠤᠷᠠᠯ ᠬᠢᠵᠦ᠂ ᠭᠠᠯ ᠤᠨ ᠢᠷᠡᠯᠲᠡ ᠶᠢ ᠰᠡᠷᠭᠡᠶᠢᠯᠡᠨ ᠡᠵᠡᠮᠳᠡᠬᠦ᠂ ᠭᠠᠯ ᠤᠨ ᠠᠶᠤᠯ ᠢ ᠤᠨᠲᠠᠷᠠᠭᠠᠬᠤ ᠪᠠ ᠥᠪᠡᠷ ᠢ ᠪᠠᠨ ᠠᠪᠤᠷᠬᠠᠤ ᠵᠡᠷᠭᠡ ᠲᠠᠯ᠎ᠠ ᠳᠤ ᠪᠣᠯᠪᠠᠰᠤᠷᠠᠯ ᠬᠢᠬᠦ ᠶᠢᠨ ᠬᠠᠮᠲᠤ ᠡᠯ᠎ᠡ ᠭᠠᠴᠠᠭ᠎ᠠ ᠲᠤᠰᠬᠤᠨ ᠢᠶᠠᠷ ᠭᠦᠨᠵᠡᠭᠡᠶᠢᠷᠡᠨ ᠭᠠᠯ ᠰᠡᠷᠭᠡᠶᠢᠯᠡᠬᠦ ᠤᠬᠠᠭᠤᠯᠭ᠎ᠠ ᠶᠢ ᠥᠷᠨᠢᠭᠦᠯᠪᠡ᠃    ᠤᠬᠠᠭᠤᠯᠵᠦ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠭᠠᠯ ᠰᠡᠷᠭᠡᠶᠢᠯᠡᠬᠦ ︽ᠠᠮᠤᠷ ᠠᠮᠤᠭᠤᠯᠠᠩ ᠤᠨ ᠠᠶᠠᠰ︾ ᠢ ᠴᠢᠪᠬᠠᠳᠠᠨ᠎ᠠ᠃ ᠪᠥᠬᠦ ᠪᠠᠯᠭᠠᠰᠤᠨ ᠤ ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠭᠦᠯᠬᠦ ᠶᠢᠨ ᠲᠤᠰᠠᠳᠠ᠂ ᠡᠯ᠎ᠡ ᠭᠠᠴᠠᠭ᠎ᠠ ᠲᠣᠰᠬᠤᠨ ᠯᠠᠪᠠᠷ᠂ ᠴᠠᠭᠳᠠᠨ ᠲᠣᠭᠤᠷᠢᠬᠤ ᠲᠡᠷᠭᠡ ᠪᠠᠷ ᠳᠠᠮᠵᠢᠭᠤᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠭᠤᠯᠭ᠎ᠠ ᠶᠢ ᠨᠡᠪᠲᠡᠷᠡᠭᠦᠯᠵᠦ᠂ ᠨᠡᠶᠢᠲᠡ ᠶᠢᠨ ᠳ᠋ᠤᠭᠠᠷ᠂ ᠸᠢᠴᠠᠲ ᠲᠠᠪᠴᠠᠩ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠮᠡᠳᠡᠯᠭᠡ ᠶᠢ ᠳᠠᠮᠵᠢᠭᠤᠯᠵᠤ᠂ ᠭᠠᠴᠠᠭ᠎ᠠ ᠲᠣᠰᠬᠤᠨ ᠢᠶᠠᠷ ᠬᠦᠷᠴᠦ ᠡᠯᠭᠦᠭᠡ ᠪᠢᠴᠢᠭᠡᠰᠦ ᠨᠠᠭᠠᠬᠤ᠂ ᠡᠷᠦᠬᠡ ᠪᠠᠷ ᠬᠦᠷᠴᠦ ᠲᠣᠰᠬᠤᠨ ᠤ ᠠᠷᠠᠳ ᠲᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠬᠠᠤᠯᠢ ᠲᠦᠭᠡᠮᠡᠯᠵᠢᠭᠦᠯᠬᠦ ᠬᠥᠮᠦᠵᠢᠯ ᠬᠢᠵᠡᠢ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠤᠨ ᠤᠬᠠᠭᠤᠯᠭ᠎ᠠ ᠰᠡᠷᠡᠮᠵᠢᠯᠡᠭᠦᠯᠦᠯ ᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠣᠯᠠᠨ ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠢᠶᠠᠷ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠪᠠ ᠡᠰᠢ ᠰᠦᠷᠡᠯ ᠢ ᠰᠢᠳᠠᠭᠠᠬᠤ ᠶᠢ ᠴᠠᠭᠠᠵᠠᠯᠠᠬᠤ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠪᠠ᠃    ᠲᠠᠷᠠᠭᠠᠴᠢ ᠶᠢᠨ ᠠᠯᠬᠤᠮ ᠳᠤ᠂ ᠳᠡᠮᠡᠭᠡᠴᠢ ᠪᠠᠯᠭᠠᠰᠤ ᠦᠷᠭᠦᠯᠵᠢᠯᠡᠨ ᠤᠯᠠᠨ ᠲᠠᠯ᠎ᠠ ᠶᠢᠨ ᠠᠵᠢᠯ ᠢ ᠵᠡᠷᠭᠡᠪᠡᠷ ᠬᠢᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠣᠭᠤᠮᠲᠠ ᠶᠢ ᠴᠢᠩᠭ᠎ᠠ ᠡᠵᠡᠮᠳᠡᠵᠦ᠂ ︽ᠬᠦᠮᠦᠨ ᠤ ᠰᠡᠷᠭᠡᠶᠢᠯᠡᠯᠲᠡ︾ ᠶᠢ ᠴᠢᠩᠭᠠᠳᠬᠠᠵᠤ᠂ ︽ᠪᠣᠳᠠᠰ ᠤᠨ ᠰᠡᠷᠭᠡᠶᠢᠯᠡᠯᠲᠡ︾ ᠶᠢ ᠪᠣᠳᠠᠲᠠᠢ ᠠᠳᠬᠤᠵᠤ᠂ ︽ᠮᠡᠷᠭᠡᠵᠢᠯ ᠤᠨ ᠰᠡᠷᠭᠡᠶᠢᠯᠡᠯᠲᠡ︾ ᠶᠢ ᠴᠢᠩᠭᠠᠳᠬᠠᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠳᠤ ᠪᠠᠲᠤ ᠪᠠᠬᠢ ︽ᠰᠡᠷᠭᠡᠶᠢᠯᠡᠯᠲᠡ ᠶᠢᠨ ᠬᠡᠷᠡᠮ︾ ᠢ ᠪᠠᠶᠢᠭᠤᠯᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠪᠦᠬᠦ ᠪᠠᠯᠭᠠᠰᠤ ᠶᠢᠨ ᠣᠷᠣᠨ ᠪᠦᠰᠡ ᠶᠢᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠨ᠎ᠠ᠃
 
ᠢᠷᠡᠯᠲᠡ᠄ ᠲᠠᠮᠡᠭᠡᠴᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号