ᠪᠠᠶᠠᠷ ᠤᠨ ᠮᠡᠳᠡᠭᠡ᠄ ᠵᠠᠯᠠᠶᠢᠳ ᠬᠤᠰᠢᠭᠤ ᠪᠦᠬᠦ ᠠᠶᠢᠮᠠᠭ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠠᠯᠠᠭᠠᠳᠠᠬᠤ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠳᠠᠬᠢᠨᠲᠠ ᠰᠢᠯᠢᠳᠡᠭ ᠬᠢᠷᠢ ᠪᠦᠲᠦᠮᠵᠢ ᠤᠯᠪᠠ
ᠨᠡᠶᠢᠲᠡᠯᠡᠭᠰᠡᠨ ᠴᠠᠭ᠄
2024/3/18
     ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠯᠦᠪᠯᠡᠭᠡ ᠶᠤᠰᠤᠭᠠᠷ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠪᠥᠬᠦ ᠠᠶᠢᠮᠠᠭ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠯᠠᠭᠠᠳᠠᠬᠤ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ 2024 ᠣᠨ ᠤ 3 ᠰᠠᠷ᠎ᠠ ᠶᠢᠨ 14 — 15 ᠤ ᠡᠳᠦᠷ ᠪᠤᠯᠳᠠᠯ᠎ᠠ ᠶᠠᠪᠤᠭᠳᠠᠪᠠ᠃ ᠵᠠᠯᠠᠶᠢᠳ ᠬᠤᠰᠢᠭᠤᠨ ᠤ ᠢᠨᠳᠡᠷ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠷᠡᠭᠲᠡᠶ᠂ ᠡᠮᠡᠭᠲᠡᠶ ᠶᠢᠨ ᠲᠤᠭᠤᠶᠢᠯᠠᠩ᠂ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠷᠡᠭᠲᠡᠶ ᠶᠢᠨ ᠲᠤᠭᠤᠶᠢᠯᠠᠩ᠂ ᠢᠨᠳᠡᠷ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠡᠮᠡᠭᠲᠡᠶ ᠶᠢᠨ ᠲᠤᠭᠤᠶᠢᠯᠠᠩ ᠵᠡᠷᠭᠡ 4 ᠲᠤᠭᠤᠶᠢᠯᠠᠩ ᠤᠷᠤᠯᠳᠤᠭᠠᠨ ᠳᠤ ᠣᠷᠣᠯᠴᠠᠪᠠ᠃    ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠮᠠᠨ ᠤ ᠬᠤᠰᠢᠭᠤᠨ ᠤ 4 ᠲᠤᠭᠤᠶᠢᠯᠠᠩ ᠴᠥᠮ ᠪᠠᠶᠠᠷᠯᠠᠭᠤᠰᠢᠲᠠᠶ ᠬᠢᠷᠢ ᠪᠦᠲᠦᠮᠵᠢ ᠤᠯᠪᠠ᠃ ᠡᠭᠦᠨ ᠳᠤ᠂ ᠢᠨᠳᠡᠷ ᠨᠢᠭᠡᠳᠦᠭᠡᠷ ᠳᠤᠮᠳᠠᠳᠤ ᠰᠤᠷᠭᠠᠭᠤᠯᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠳᠤᠭᠤᠶᠢᠯᠠᠩ ᠳᠤ ᠮᠠᠩᠯᠠᠶᠢᠯᠠᠵᠤ᠂ ᠢᠨᠳᠡᠷ ᠭᠤᠷᠪᠠᠳᠤᠭᠠᠷ ᠳᠤᠮᠳᠠᠳᠤ ᠰᠤᠷᠭᠠᠭᠤᠯᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠮᠡᠭᠲᠡᠢ ᠶᠢᠨ ᠳᠤᠭᠤᠶᠢᠯᠠᠩ ᠳᠤ ᠳᠡᠳ᠋ᠯᠡᠵᠦ ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠳᠤᠭᠤᠶᠢᠯᠠᠩ ᠤᠨ ᠭᠤᠲᠠᠭᠠᠷ ᠲᠤ ᠲᠤᠳᠤᠷᠠᠵᠤ᠂ ᠢᠨᠳᠡᠷ ᠨᠢᠭᠡᠳᠦᠭᠡᠷ ᠳᠤᠮᠳᠠᠳᠤ ᠰᠤᠷᠭᠠᠭᠤᠯᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠮᠡᠭᠲᠡᠢ ᠶᠢᠨ ᠳᠤᠭᠤᠶᠢᠯᠠᠩ ᠤᠨ ᠭᠤᠲᠠᠭᠠᠷ ᠲᠤ ᠤᠷᠤᠪᠠ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号