ᠦᠰᠦᠭ ᠪᠢᠴᠢᠭ ᠢᠶᠠᠷ ᠦᠭᠦᠯᠡᠭᠦᠢ᠄ ᠤᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/3/18
    ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠣᠯ ᠪᠥᠬᠦ ᠨᠡᠶᠢᠭᠡᠮ ᠤᠨ ᠬᠠᠮᠲᠤ ᠶᠢᠨ ᠡᠳ᠋ ᠪᠠᠶᠠᠯᠢᠭ ᠮᠥᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠬᠦ ᠪᠣᠯ ᠪᠢᠳᠡᠨ ᠤ ᠬᠠᠮᠲᠤ ᠶᠢᠨ ᠬᠠᠷᠢᠭᠤᠴᠠᠯᠭ᠎ᠠ ᠮᠥᠨ ᠪᠣᠯᠬᠤᠷ ᠪᠥᠬᠦ ᠠᠶᠢᠮᠠᠭ ᠤᠨ ᠠᠷᠠᠳ ᠲᠦᠮᠡᠨ ᠤᠬᠠᠮᠰᠠᠷ ᠠᠴᠠ ᠪᠠᠨ ᠬᠥᠳᠡᠯᠦᠯᠴᠡᠵᠦ᠂ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠢᠳᠡᠪᠬᠢᠲᠡᠢ ᠪᠠᠷ ᠰᠡᠷᠭᠡᠶᠢᠯᠡᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠭᠠᠮᠰᠢᠭ ᠤᠨ ᠡ᠊ᠨᠳᠡᠯ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠰᠠᠶᠢᠲᠤᠷ ᠬᠠᠮᠠᠭᠠᠯᠠᠬᠤ ᠶᠢᠨ ᠲᠤᠰᠠᠳᠠ᠂ ᠬᠠᠪᠤᠷ ᠤᠨ ᠤᠯᠠᠷᠢᠯ ᠤᠨ ᠭᠠᠯ ᠲᠤᠶᠢᠮᠠᠷ ᠢ ᠰᠡᠷᠭᠡᠶᠢᠯᠡᠬᠦ ᠬᠤᠭᠤᠴᠠᠭ᠎ᠠ ᠬᠦᠷᠴᠦ ᠢᠷᠡᠬᠦ ᠲᠠᠰᠢᠷᠠᠮ ᠳᠤ᠂ ᠬᠢᠩᠭᠠᠨ ᠠᠶᠢᠮᠠᠭ ᠤᠨ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠠᠷᠠᠳ ᠲᠦᠮᠡᠨ ᠳᠤ ᠣᠨᠴᠠᠭᠠᠶᠢᠯᠠᠨ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄     ᠨᠢᠭᠡ᠂ ᠠᠮᠢ ᠠᠬᠤᠢ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠦᠷᠭᠦᠯᠵᠢᠯᠡᠨ ᠴᠢᠩᠭᠠᠷᠠᠭᠤᠯᠬᠤ ᠬᠡᠷᠡᠭᠳᠡᠢ     ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠭᠠᠮᠰᠢᠭ ᠪᠣᠯ ᠨᠢᠭᠡ ᠵᠦᠢᠯ ᠤᠨ ᠭᠡᠨᠡᠳᠲᠡ ᠶᠢᠨ ᠴᠢᠨᠠᠷ ᠢᠶᠠᠷ ᠴᠢᠩᠭ᠎ᠠ᠂ ᠡᠪᠳᠡᠯᠡᠭᠡ ᠶᠢᠨ ᠴᠢᠨᠠᠷ ᠢᠶᠠᠷ ᠶᠡᠭᠡ᠂ ᠰᠢᠢᠳᠪᠦᠷᠢᠯᠡᠵᠦ ᠠᠪᠤᠷᠠᠨ ᠲᠤᠰᠠᠯᠠᠬᠤ ᠳᠤ ᠲᠤᠶᠢᠯ ᠤᠨ ᠬᠦᠴᠢᠷᠲᠡᠢ ᠪᠠᠶᠢᠭᠠᠯᠢ ᠶᠢᠨ ᠭᠠᠮᠰᠢᠭ ᠪᠣᠯᠣᠨ᠎ᠠ᠃ ᠣᠶᠢᠷ᠎ᠠ ᠶᠢᠨ ᠵᠢᠯ ᠠᠴᠠ ᠨᠠᠰᠢ᠂ ᠬᠢᠩᠭᠠᠨ ᠠᠶᠢᠮᠠᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠡᠷᠴᠢᠮ ᠤᠨ ᠲᠠᠰᠤᠷᠠᠯᠲᠠ ᠦᠭᠡᠢ ᠴᠢᠩᠭᠠᠷᠠᠬᠤ ᠶᠢ ᠳᠠᠭᠠᠯᠳᠤᠨ᠂ ᠰᠢᠭᠤᠶᠢᠲᠤ ᠣᠷᠣᠨ ᠤ ᠳᠣᠲᠣᠷᠠᠬᠢ ᠰᠢᠲᠠᠮᠠᠬᠠᠢ ᠪᠣᠳᠠᠰ ᠲᠦᠷᠭᠡᠨ ᠢᠶᠠᠷ ᠨᠡᠮᠡᠭᠳᠡᠵᠦ᠂ ᠭᠠᠯ ᠲᠤᠶᠢᠮᠠᠷ ᠤᠨ ᠠᠶᠤᠯ ᠤᠨ ᠲᠠᠰ ᠦᠷᠭᠦᠯᠵᠢᠯᠡᠨ ᠳᠡᠭᠡᠭᠰᠢᠯᠡᠬᠦ ᠬᠠᠨᠳᠤᠰᠢ ᠲᠠᠢ ᠪᠣᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ︽ᠭᠠᠯ ᠲᠤᠶᠢᠮᠠᠷ ᠢ ᠰᠡᠷᠭᠡᠶᠢᠯᠡᠬᠦ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ︾ ᠭᠡᠰᠡᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠥᠷᠭᠡᠨ ᠤᠯᠠᠨ ᠲᠦᠮᠡᠨ ᠢ ᠲᠠᠶᠢᠴᠢᠯᠡᠨ ᠵᠢᠯᠤᠭᠤᠳᠴᠤ ᠤᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠬᠦ ᠠᠵᠢᠯ ᠳᠤ ᠤᠬᠠᠮᠰᠠᠷ ᠠᠴᠠ ᠪᠠᠨ ᠣᠷᠣᠯᠴᠠᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠬᠦ ᠳᠤ ᠬᠥᠮᠥᠨ ᠪᠦᠬᠦᠨ ᠣᠷᠣᠯᠴᠠᠬᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠬᠦ ᠶᠢ ᠬᠥᠮᠥᠨ ᠪᠦᠬᠦᠨ ᠠᠩᠬᠠᠷᠬᠤ ᠂ ᠤᠢ ᠰᠢᠭᠤᠢ ᠨᠤᠲᠤᠭ ᠪᠡᠯᠴᠢᠭᠡᠷ ᠤᠨ ᠭᠠᠯ  ᠲᠤᠶᠢᠮᠠᠷ ᠢ ᠰᠡᠷᠭᠡᠶᠢᠯᠡᠬᠦ ᠶᠢ ᠬᠥᠮᠥᠨ ᠪᠦᠬᠦᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃     ᠬᠤᠶᠠᠷ᠂ ᠪᠣᠯᠪᠠᠰᠤᠨ ᠳᠠᠬᠢᠯᠭ᠎ᠠ ᠶᠢᠨ ᠬᠡᠪ ᠰᠤᠷᠲᠠᠯ ᠢ ᠢᠳᠡᠪᠬᠢᠲᠡᠢ ᠪᠠᠷ ᠳᠡᠯᠭᠡᠷᠡᠭᠦᠯᠬᠦ ᠬᠡᠷᠡᠭᠲᠡᠢ     ᠪᠣᠯᠪᠠᠰᠤᠨ ᠢᠶᠠᠷ ᠲᠠᠬᠢᠯᠭ᠎ᠠ ᠬᠢᠬᠦ᠂ ᠲᠤᠤᠷ᠎ᠠ ᠨᠡᠭᠦᠷᠡᠰᠦᠲᠥ᠋ᠷᠥᠭᠴᠢᠳᠤ ᠲᠠᠬᠢᠯᠭ᠎ᠠ ᠬᠢᠬᠦ᠂ ᠰᠣᠷᠭᠤᠭ ᠴᠡᠴᠡᠭ ᠬᠦᠷᠭᠡᠬᠦ᠂ ᠮᠣᠳᠣ ᠳᠠᠷᠢᠵᠤ ᠲᠠᠬᠢᠯᠭ᠎ᠠ ᠬᠢᠬᠦ᠂ ᠤᠶᠠᠩᠭᠠᠯᠠᠨ ᠤᠩᠰᠢᠬᠤ ᠵᠡᠷᠭᠡ ᠶᠢᠨ ᠲᠠᠬᠢᠯᠭ᠎ᠠ ᠶᠢᠨ ᠠᠷᠭ᠎ᠠ ᠶᠢ ᠬᠡᠷᠡᠭᠯᠡᠬᠦ ᠶᠢ ᠰᠠᠨᠠᠭᠠᠴᠢᠯᠠᠶ᠎ᠠ᠃ ᠪᠢᠴᠢᠯ ᠪᠦᠷᠭᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ᠂ ᠡᠪᠦᠭᠡ ᠳᠡᠭᠡᠳᠦᠰ ᠠᠴᠠ ᠤᠯᠠᠮᠵᠢᠯᠠᠵᠤ ᠢᠷᠡᠭᠰᠡᠨ ᠰᠠᠶᠢᠨ ᠰᠠᠶᠢᠬᠠᠨ ᠭᠡᠷ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠭᠠᠯ ᠢ ᠵᠠᠯᠭᠠᠮᠵᠢᠯᠠᠵᠤ᠂ ᠪᠣᠯᠪᠠᠰᠤᠨ ᠢᠶᠠᠷ ᠲᠠᠬᠢᠯᠭ᠎ᠠ ᠬᠢᠬᠦ ᠰᠢᠨ᠎ᠡ ᠬᠡᠪ ᠰᠤᠷᠲᠠᠯ ᠢ ᠪᠤᠢ ᠪᠣᠯᠭᠠᠬᠤ ᠬᠡᠷᠡᠭᠳᠡᠢ᠃     ᠭᠤᠷᠪᠠ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠮᠳᠤᠷᠠᠯ ᠤᠨ ᠬᠦᠴᠦᠨ ᠢ ᠰᠠᠶᠢᠳᠤᠷ ᠪᠤᠢ ᠪᠣᠯᠭᠠᠬᠤ ᠬᠡᠷᠡᠭᠲᠡᠢ     ᠥᠪᠡᠷ ᠤᠨ ᠪᠡᠶ᠎ᠡ ᠪᠠᠨ ᠴᠢᠩᠭ᠎ᠠ ᠱᠠᠭᠠᠷᠳᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠠᠶᠤᠯ ᠶᠡᠬᠡᠲᠡᠢ ᠬᠤᠭᠤᠴᠠᠭᠠᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠦᠨ ᠂ ︽ᠭᠠᠯ ᠠᠪᠴᠤ ᠠᠭᠤᠯᠠᠨ ᠳᠤ ᠣᠷᠣᠬᠤ ᠦᠭᠡᠢ᠂ ᠠᠭᠤᠯᠠᠨ ᠳᠤ ᠣᠷᠣᠪᠠᠯ ᠭᠠᠯ ᠬᠡᠷᠡᠭᠯᠡᠬᠦ ᠦᠭᠡᠢ︾ ᠪᠠᠶᠢᠬᠤ ᠭᠠᠯ ᠲᠤᠶᠢᠮᠠᠷ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠪᠠᠲᠤ ᠴᠡᠭᠡᠵᠢᠯᠡᠵᠦ᠂ ᠭᠠᠯ ᠤᠨ ᠵᠤᠶᠢᠯᠡᠰ ᠪᠠ ᠠᠮᠠᠷᠬᠠᠨ ᠨᠤᠴᠤᠵᠤ ᠲᠡᠯᠪᠡᠷᠡᠬᠦ ᠪᠣᠳᠠᠰ ᠢ ᠰᠢᠭᠤᠶᠢᠲᠤ ᠣᠷᠣᠨ ᠪᠠ ᠠᠮᠢ ᠠᠬᠤᠢ ᠶᠢᠨ ᠢᠨᠵᠧᠨᠧᠷᠢᠩ ᠤᠨ ᠲᠥᠷᠥᠯ ᠵᠦᠢᠯ ᠤᠨ ᠲᠣᠭᠤᠷᠢᠭ ᠲᠤ ᠠᠪᠴᠤ ᠣᠷᠣᠬᠤ ᠦᠭᠡᠢ᠂ ᠬᠡᠭᠡᠷ᠎ᠡ ᠭᠠᠳᠠᠨ᠎ᠠ ᠲᠠᠮᠠᠬᠢ ᠤᠤᠭᠤᠬᠤ᠂ ᠰᠢᠷᠠᠮᠠᠯ ᠢᠳᠡᠭᠡᠨ ᠢᠳᠡᠬᠦ᠂ ᠬᠡᠭᠡᠷ᠎ᠡ ᠬᠤᠭᠤᠯᠠᠯᠠᠬᠤ᠂ ᠠᠳᠠᠷ ᠰᠢᠳᠠᠭᠠᠬᠤ᠂ ᠭᠤᠤᠷᠰᠤ ᠰᠢᠲᠠᠭᠠᠬᠤ ᠵᠡᠷᠭᠡ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠬᠤ ᠦᠭᠡᠢ᠃ ᠰᠤᠷᠭᠠᠭᠤᠯᠢ ᠳᠤ ᠪᠠᠶᠢᠭ᠎ᠠ ᠰᠣᠷᠣᠭᠴᠢ ᠪᠣᠯᠣᠨ ᠨᠠᠰᠤᠨ ᠳᠤ ᠥᠯᠥ ᠭᠦᠷᠦᠭᠰᠡᠳ ᠢ ᠬᠥᠮᠥᠵᠢᠭᠦᠯᠵᠦ ᠲᠠᠶᠢᠴᠢᠯᠡᠨ ᠵᠢᠯᠤᠭᠤᠳᠴᠤ᠂ ᠭᠠᠯ ᠢ ᠲᠤᠷ᠎ᠠ ᠪᠠᠷ ᠨᠠᠭᠠᠳᠤᠭᠤᠯᠬᠤ ᠦᠭᠡᠢ᠂  ᠭᠠᠯ ᠠᠴᠠ ᠪᠤᠯᠤᠭᠠᠳ ᠣᠶ ᠰᠢᠭᠤᠢ ᠨᠤᠲᠤᠭ ᠪᠡᠯᠴᠢᠭᠡᠷ ᠤᠨ ᠭᠠᠮᠰᠢᠭ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠤᠨᠴᠠᠭᠠᠢ ᠡᠳᠡᠭᠡᠳ ︵ᠲᠡᠨᠡᠭ᠂ ᠪᠢᠳᠠᠭᠤ᠂ ᠳᠦᠯᠡᠢ᠂ ᠶᠠᠪᠠ᠂ ᠮᠡᠳᠡᠷᠡᠯ ᠤᠨ ᠡᠪᠡᠳᠴᠢᠲᠡᠨ︶   ᠤᠨ ᠭᠡᠷ ᠪᠦᠯᠢ ᠶᠢᠨ  ᠬᠢᠨ ᠢ ᠬᠠᠷᠠᠵᠤ ᠬᠠᠮᠠᠭᠠᠯᠠᠬᠤ᠂ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠡᠳᠡᠭᠡᠷ ᠬᠦᠮᠤᠰ ᠤᠨ ᠰᠢᠯᠳᠠᠭᠠᠨ  ᠠᠴᠠ ᠪᠤᠯᠵᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠭᠠᠮᠰᠢᠭ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ᠃      ᠳᠥᠷᠪᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠭᠠᠮᠰᠢᠭ ᠲᠤ ᠳᠠᠭᠠᠷᠢᠭᠳᠠᠪᠠᠯ ᠬᠡᠷᠬᠢᠨ ᠠᠮᠢ ᠵᠢᠭᠤᠲᠠᠬᠤ ᠪᠣᠶ︖     1.  ᠡᠷᠬᠡᠪᠰᠢ ᠯᠠᠪᠳᠠᠭᠤᠨ ᠲᠣᠭᠲᠠᠭᠤᠨ ᠪᠠᠶᠢᠬᠤ ᠬᠡᠷᠡᠭᠲᠡᠢ     ᠣᠶ ᠰᠢᠭᠤᠢ ᠶᠢᠨ ᠭᠠᠯ ᠲᠦᠢᠮᠡᠷ ᠭᠠᠷᠤᠭᠰᠠᠨ ᠤ ᠳᠠᠷᠠᠭ᠎ᠠ ᠡᠷᠬᠡᠪᠰᠢ ᠯᠠᠪᠳᠠᠭᠤᠨ ᠲᠣᠭᠲᠠᠭᠤᠨ ᠪᠠᠶᠢᠵᠤ᠂ ᠬᠡᠲᠦᠷᠬᠡᠢ ᠪᠠᠴᠢᠮᠳᠠᠨ ᠰᠠᠨᠳᠤᠷᠴᠤ ᠪᠣᠯᠬᠤ ᠦᠭᠡᠢ᠂ ᠰᠠᠯᠬᠢᠨ ᠤ ᠴᠢᠭᠯᠡᠯ ᠪᠠ ᠭᠠᠯ ᠤᠨ ᠪᠠᠶᠢᠳᠠᠯ ᠤᠨ ᠬᠤᠪᠢᠷᠠᠯᠲᠠ ᠶᠢ ᠠᠩᠬᠠᠷᠬᠤ ᠬᠡᠷᠡᠭᠲᠡᠢ᠃     2.ᠡᠷᠬᠡᠪᠰᠢ ᠰᠠᠯᠬᠢ ᠰᠥᠷᠦᠨ ᠪᠦᠰᠡᠯᠡᠯᠲᠡ ᠶᠢ ᠰᠢᠪᠲᠤᠯᠬᠤ ᠬᠡᠷᠡᠭᠳᠡᠢᠰᠠᠯᠬᠢᠨ ᠤ ᠠᠶ᠎ᠠ ᠪᠠᠷ ᠳᠤᠲᠠᠭᠠᠪᠠᠯ ᠭᠠᠯ ᠳᠤ ᠮᠠᠰᠢ ᠠᠮᠠᠷᠬᠠᠨ ᠪᠦᠰᠡᠯᠡᠭᠳᠡᠨ ᠬᠠᠰᠢᠭᠳᠠᠨ᠎ᠠ᠂ ᠰᠠᠯᠬᠢᠨ ᠤ ᠡᠰᠡᠷᠭᠦ ᠴᠢᠭᠯᠡᠯ ᠢᠶᠠᠷ ᠤᠷᠭᠤᠮᠠᠯ ᠤᠨ ᠬᠤᠴᠢᠯᠭ᠎ᠠ ᠰᠡᠶᠢᠷᠡᠭ ᠵᠠᠮ ᠢ ᠰᠣᠩᠭᠤᠵᠤ ᠳᠣᠷᠣᠭᠰᠢ ᠪᠤᠶᠤ ᠬᠥᠨᠳᠡᠯᠡᠨ ᠴᠢᠭᠯᠡᠯ ᠢᠶᠠᠷ ᠠᠮᠢ ᠵᠢᠭᠤᠲᠠᠬᠤ ᠶᠢ ᠮᠠᠷᠳᠠᠵᠤ ᠪᠤᠯᠬᠤ ᠦᠭᠡᠢ᠃     3. ᠡᠷᠬᠡᠪᠰᠢ ᠠᠮᠤᠷ ᠲᠦᠪᠰᠢᠨ ᠭᠠᠵᠠᠷ ᠢᠶᠠᠷ ᠠᠮᠢ ᠵᠢᠭᠤᠲᠠᠬᠤ ᠬᠡᠷᠡᠭᠳᠡᠢ     ᠨᠠᠭᠤᠷ ᠴᠥᠭᠦᠷᠥᠮ᠂ ᠭᠤᠣᠯ ᠮᠥᠷᠡᠨ᠂ ᠵᠠᠰᠠᠮᠠᠯ ᠵᠠᠮ ᠨᠢ ᠪᠦᠷ ᠨᠡᠯᠢᠶᠡᠳ ᠠᠮᠤᠷ ᠲᠦᠪᠰᠢᠨ ᠭᠠᠵᠠᠷ ᠪᠠᠶᠢᠵᠤ᠂ ᠭᠠᠯ ᠤᠨ ᠠᠶᠤᠯ ᠠᠴᠠ ᠠᠮᠠᠷᠬᠠᠨ ᠵᠠᠶᠢᠯᠠᠵᠤ ᠪᠤᠯᠤᠨ᠎ᠠ᠂ ᠡᠳᠡᠭᠡᠷ ᠠᠮᠤᠷ ᠲᠦᠪᠰᠢᠨ ᠭᠠᠵᠠᠷ ᠢ ᠠᠰᠢᠭᠯᠠᠵᠤ ᠳᠤᠲᠠᠭᠠᠨ ᠭᠠᠷᠴᠤ ᠪᠣᠯᠣᠨ᠎ᠠ᠃ ᠭᠠᠯ ᠤᠨ ᠭᠠᠮᠰᠢᠭ ᠠᠴᠠ ᠡᠭᠦᠰᠦᠭᠰᠡᠨ ᠶᠡᠭᠡ ᠬᠡᠮᠵᠢᠶᠡᠨ ᠤ ᠬᠤᠣᠷᠲᠤ ᠬᠡᠢ ᠪᠡᠶᠡᠲᠦ ᠶᠢᠨ ᠣᠯᠠᠩᠬᠢ ᠨᠢ ᠠᠭᠠᠷ ᠳᠣᠲᠣᠷ᠎ᠠ ᠬᠥᠪᠴᠦ ᠪᠠᠶᠢᠳᠠᠭ᠂ ᠡᠶᠢᠮᠦ ᠠᠴᠠ ᠡᠷᠬᠡᠪᠰᠢ ᠪᠥᠬᠦᠶᠢᠬᠦ ᠪᠤᠶᠤ ᠮᠥᠯᠬᠦᠨ ᠠᠮᠢ ᠵᠢᠭᠤᠲᠠᠬᠤ ᠬᠡᠷᠡᠭᠲᠡᠢ᠃     4. ᠡᠷᠬᠡᠪᠰᠢ ᠠᠮᠤᠷ ᠲᠦᠪᠰᠢᠨ ᠤ ᠣᠷᠣᠨ ᠳᠤ ᠲᠦᠷᠭᠡᠨ ᠬᠦᠷᠬᠦ ᠬᠡᠷᠡᠭᠳᠡᠢ     ᠬᠡᠷᠪᠡ ᠭᠠᠯ ᠳᠤ ᠪᠦᠰᠡᠯᠡᠭᠳᠡᠪᠡᠯ᠂ ᠣᠶᠢᠷ᠎ᠠ ᠬᠠᠪᠢ ᠶᠢᠨ ᠤᠷᠭᠤᠮᠠᠯ ᠤᠨ ᠬᠤᠴᠢᠯᠭ᠎ᠠ ᠦᠭᠡᠢ ᠰᠢᠷᠣᠢ ᠶᠢᠨ ᠨᠦᠬᠡ᠂ ᠠᠭᠤᠯᠠᠨ ᠭᠤᠸ ᠵᠢᠯᠠᠭ᠎ᠠ ᠵᠡᠷᠭᠡ ᠡᠵᠡᠭᠦᠢ ᠭᠠᠵᠠᠷ ᠢ ᠰᠣᠩᠭᠤᠵᠤ ᠵᠠᠶᠢᠯᠠᠨ ᠲᠤᠳᠠᠭᠠᠬᠤ ᠬᠡᠷᠡᠭᠳᠡᠢ᠃     ᠬᠠᠪᠤᠷ ᠤᠨ ᠤᠯᠠᠷᠢᠯ ᠳᠤ ᠠᠭᠠᠷ ᠤᠨ ᠲᠤᠯᠠᠭᠠᠨ ᠳᠣᠣᠷ᠎ᠠ᠂ ᠤᠷᠭᠤᠮᠠᠯ ᠤᠨ ᠬᠤᠴᠢᠯᠭ᠎ᠠ ᠭᠠᠩ ᠬᠠᠭᠤᠷᠠᠢ ᠪᠤᠯᠬᠤᠷ ᠭᠠᠯ ᠤᠨ ᠤᠴᠢ ᠠᠴᠠ ᠴᠤ ᠠᠮᠠᠷᠬᠠᠨ ᠭᠠᠯ ᠭᠠᠷᠴᠤ ᠮᠡᠳᠡᠨ᠎ᠡ᠂ ᠡᠭᠦᠨ ᠤ ᠳᠡᠭᠡᠷ᠎ᠡ ᠰᠠᠯᠬᠢᠨ ᠤ ᠬᠦᠴᠤᠨ  ᠳᠤ ᠭᠠᠯ ᠤᠨ ᠬᠦᠴᠦ ᠨᠡᠮᠡᠭᠳᠡᠵᠤ ᠦᠳᠲᠡᠷ ᠲᠦᠷᠭᠡᠨ ᠥᠷᠭᠡᠵᠢᠨ ᠲᠤᠶᠢᠮᠠᠷ ᠪᠤᠯᠤᠨ᠎ᠠ᠃ ᠡᠶᠢᠮᠤ ᠠᠴᠠ ᠬᠢᠩᠭᠠᠨ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠠᠴᠠ ᠲᠠ ᠨᠠᠷ ᠲᠤ ᠰᠠᠨᠠᠭᠤᠯᠬᠤ ᠨᠢ᠄ ᠭᠠᠯ ᠲᠤᠶᠢᠮᠠᠷ ᠢ ᠰᠡᠷᠭᠡᠶᠢᠯᠡᠬᠦ ᠬᠤᠭᠤᠴᠠᠭᠠᠨ ᠳᠤ᠂ ᠰᠢᠭᠤᠶᠢᠲᠤ ᠣᠷᠣᠨ᠂ ᠮᠠᠯᠵᠢᠬᠤ ᠣᠷᠣᠨ ᠳᠤ ᠠᠲᠠᠷ᠂ ᠪᠤᠵᠠᠷ ᠡᠪᠡᠰᠦ  ᠵᠡᠷᠭᠡ ᠶᠢ ᠰᠢᠳᠠᠭᠠᠬᠤ ᠂ ᠫᠤᠤᠵᠢᠩ ᠲᠠᠯᠪᠢᠬᠤ᠂ ᠬᠡᠭᠡᠷ᠎ᠡ ᠬᠤᠭᠤᠯᠠᠯᠠᠬᠤ᠂ ᠲᠦᠯᠡᠰᠢ ᠲᠤᠶᠠᠩ ᠦᠭᠴᠤ ᠴᠠᠭᠠᠰᠤ ᠰᠢᠲᠠᠭᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠤᠢ ᠰᠢᠭᠤᠢ ᠨᠤᠲᠤᠭ ᠪᠡᠯᠴᠢᠭᠡᠷ  ᠤᠨ ᠭᠠᠯ ᠲᠤᠶᠢᠮᠠᠷ   ᠤᠨ ᠪᠠᠶᠢᠳᠠᠯ ᠲᠣᠬᠢᠶᠠᠯᠳᠤᠪᠠᠯ᠂ ᠰᠣᠬᠤᠷ ᠪᠠᠯᠠᠢ ᠪᠠᠷ ᠭᠠᠯ ᠤᠨᠲᠠᠷᠠᠭᠠᠵᠤ ᠪᠣᠯᠬᠤ ᠦᠭᠡᠢ᠂ ᠡᠩ ᠲᠡᠷᠢᠭᠦᠨ ᠳᠤ ᠲᠤᠰ ᠪᠡᠶ᠎ᠡ ᠶᠢᠨ ᠠᠮᠤᠷ ᠲᠦᠪᠰᠢᠨ ᠢᠶᠠᠨ ᠦᠨᠡᠨ ᠬᠦ ᠪᠠᠲᠤᠯᠠᠬᠤ ᠶᠢᠨ ᠬᠠᠮᠲᠤ ᠬᠡᠷᠡᠭ ᠮᠡᠳᠡᠭᠦᠯᠬᠦ ᠤᠳᠠᠰᠤ 12119 ᠪᠤᠶᠤ 119 ᠳᠤ ᠴᠠᠭ ᠲᠤᠬᠠᠢ ᠳᠤ ᠨᠢ ᠤᠲᠠᠰᠤᠳᠠᠵᠤ᠂ ᠭᠠᠯ ᠭᠠᠷᠤᠭᠰᠠᠨ ᠭᠠᠵᠠᠷ ᠢ ᠲᠣᠳᠣᠷᠬᠠᠶᠢᠯᠠᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠠᠶᠤᠯ ᠢ ᠰᠢᠢᠳᠪᠦᠷᠢᠯᠡᠬᠦ ᠳᠤ ᠠᠰᠢᠭᠲᠠᠢ ᠴᠠᠭ ᠲᠣᠬᠢᠶᠠᠯ ᠢ ᠠᠮᠵᠢᠬᠤ ᠬᠡᠷᠡᠭᠲᠡᠢ᠃     ᠨᠠᠶᠢᠵᠠ ᠨᠠᠷ ᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠃ ᠭᠡᠷ ᠣᠷᠣᠨ ᠢᠶᠠᠨ ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠳᠡᠢ︕ ᠬᠥᠬᠡᠮᠳᠦᠭ ᠨᠣᠭᠤᠭᠠᠨ ᠠᠭᠤᠯᠠ ᠤᠰᠤ ᠪᠠ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠢᠳᠡ ᠬᠠᠮᠲᠤ ᠪᠠᠷ ᠬᠠᠶᠢᠷᠠᠯᠠᠨ ᠬᠠᠮᠠᠭᠠᠯᠠᠬᠤ ᠬᠡᠷᠡᠭᠲᠡᠢ᠂ ᠪᠢᠳᠡ ᠢᠳᠡᠪᠬᠢᠲᠡᠢ ᠪᠠᠷ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠪᠤᠶᠤ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠮᠠᠨ ᠤ ᠬᠠᠮᠲᠤ ᠶᠢᠨ ᠬᠥᠬᠡᠮᠳᠦᠭ ᠨᠣᠭᠤᠭᠠᠨ ᠠᠭᠤᠯᠠ ᠤᠰᠤ ᠪᠠᠨ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠵᠤ᠂ ᠮᠠᠨ ᠤ ᠬᠠᠮᠲᠤ ᠶᠢᠨ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠰᠠᠶᠢᠲᠤᠷ ᠴᠤᠭᠴᠠᠯᠠᠨ ᠪᠠᠶᠢᠭᠤᠯᠤᠶ᠎ᠠ︕
 
ᠢᠷᠡᠯᠲᠡ᠄ ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号