ᠪᠦᠬᠦ ᠬᠤᠰᠢᠭᠤᠨ ᠤ ᠡᠨᠡ ᠵᠢᠯ ᠤᠨ ᠠᠵᠢᠯ ᠤᠨ ᠬᠤᠷᠠᠯ ᠵᠢᠴᠢ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠤᠨ ᠲᠤᠬᠠᠢ ᠳᠠᠳᠠᠯᠭᠠᠨ
ᠨᠡᠶᠢᠲᠡᠯᠡᠭᠰᠡᠨ ᠴᠠᠭ᠄
2024/3/19
   3 ᠰᠠᠷ᠎ᠠ ᠶᠢᠨ 18 ᠤ ᠡᠳᠦᠷ ᠂ ᠵᠠᠯᠠᠶᠢᠳ ᠬᠤᠰᠢᠭᠤ 2024 ᠣᠨ ᠤ ᠰᠤᠷᠭᠠᠨ ᠬᠥᠮᠦᠵᠢᠯ ᠤᠨ ᠠᠵᠢᠯ ᠵᠢᠴᠢ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ᠃ 2023 ᠣᠨ ᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠢ ᠳ᠋ᠦᠩᠨᠡᠵᠦ᠂ 2024 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ᠃    ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂  ᠬᠤᠰᠢᠭᠤᠨ ᠤ ᠳᠡᠳ᠋ ᠳᠠᠷᠤᠭ᠎ᠠ ᠵᠧᠩ ᠶᠢᠨ ᠯᠢᠩ ᠠᠴᠠ ᠨᠢᠭᠡ ᠳᠤ ᠪᠠᠶᠢᠳᠠᠯ ᠢ ᠲᠣᠳᠣᠷᠬᠠᠶ ᠲᠠᠨᠢᠵᠤ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠳᠤᠮᠳᠠᠳᠤ ᠪᠠᠭ᠎ᠠ ᠰᠤᠷᠭᠠᠭᠤᠯᠢ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠬᠢᠨᠠᠮᠠᠭᠠᠶ ᠭᠦᠢᠴᠡᠳᠬᠡᠵᠦ᠂ ᠤᠯᠤᠰ ᠲᠦᠷᠦ ᠶᠢᠨ ᠪᠣᠭᠤᠮᠲᠠ᠂ ᠲᠤᠬᠠᠶᠢᠯᠠᠭᠰᠠᠨ ᠠᠵᠢᠯ ᠤᠨ ᠪᠣᠭᠤᠮᠲᠠ ᠶᠢ ᠰᠠᠶᠢᠲᠤᠷ ᠰᠠᠬᠢᠵᠤ᠂ ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠶᠢ ᠪᠠᠷᠢᠮᠲᠠᠯᠠᠵᠤ᠂ ᠪᠦᠬᠦ ᠠᠵᠢᠯᠳᠠᠨ᠂ ᠪᠦᠬᠦ ᠶᠠᠪᠤᠴᠠ᠂ ᠪᠦᠬᠦ ᠲᠠᠯ᠎ᠠ ᠪᠠᠷ ᠬᠥᠮᠦᠨ ᠢ ᠬᠥᠮᠦᠵᠢᠭᠦᠯᠬᠦ ᠶᠢ ᠭᠦᠨᠵᠡᠭᠡᠶ ᠠᠬᠢᠭᠤᠯᠬᠤ ᠬᠡᠷᠡᠭᠳᠡᠢ᠃ ᠬᠤᠶᠠᠷ ᠲᠤ ᠵᠠᠩᠭᠢᠯᠠᠭ᠎ᠠ ᠶᠢ ᠡᠵᠡᠮᠳᠡᠵᠦ᠂ ᠭᠤᠣᠯᠳᠠᠯᠭ᠎ᠠ ᠶᠢ ᠲᠤᠪᠤᠶᠢᠯᠭᠠᠬᠤ ᠬᠡᠷᠡᠭᠲᠡᠶ᠃ ᠡᠩᠨᠡᠭᠡᠨ ᠤ ᠪᠠᠶᠢᠭᠤᠯᠤᠯᠲᠠ ᠂ ᠪᠠᠭᠰᠢ ᠶᠢᠨ ᠮᠣᠷᠠᠯ ᠪᠤᠯᠤᠨ ᠰᠤᠷᠲᠠᠯ ᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠳᠠᠬᠢ ᠠᠮᠤᠷ ᠲᠦᠪᠰᠢᠨ ᠢ ᠪᠠᠲᠤᠯᠠᠨ᠂ ︽ᠬᠤᠶᠠᠷ ᠢ ᠬᠦᠩᠭᠡᠷᠡᠭᠦᠯᠬᠦ︾ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠦᠨᠵᠡᠭᠡᠢ ᠬᠡᠷᠡᠭᠵᠢᠭᠦᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠳᠡᠢ᠃ ᠭᠤᠷᠪᠠ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠵᠢᠯᠴᠠᠨ ᠠᠬᠢᠭᠤᠯᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠦᠢᠯᠡᠴᠢᠯᠡᠭᠡ ᠬᠠᠮᠢᠶᠠᠷᠤᠯᠲᠠ ᠶᠢ ᠵᠢᠷᠤᠮᠵᠢᠭᠤᠯᠤᠨ᠂ ᠰᠢᠰᠲ᠋ᠧᠮ ᠲᠠᠢ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠳᠡᠢ ᠭᠡᠵᠡᠢ᠃    ᠬᠤᠷᠠᠯ ᠳᠡᠭᠡᠷ᠎ᠡ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠢ ᠵᠠᠨ ᠭᠦᠸᠧ᠂ 2024 ᠣᠨ ᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠤᠷᠭᠠᠨ ᠬᠥᠮᠦᠵᠢᠯ ᠤᠨ ᠶᠠᠮᠤᠨ᠂ ᠣᠷᠣᠨ᠂ ᠠᠶᠢᠮᠠᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠬᠡᠷᠡᠭᠲᠡᠶ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠳᠤ ᠨᠢᠭᠡ ᠭᠤᠤᠯ ᠰᠢᠵᠢᠮ ᠢ ᠠᠳᠬᠤᠵᠤ᠂ ᠨᠠᠢᠮᠠᠨ ᠭᠤᠤᠯᠳᠠᠯᠭ᠎ᠠ ᠶᠢ ᠳᠣᠪᠤᠶᠢᠯᠭᠠᠨ᠂ ᠳᠥᠷᠪᠡᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ︽ᠨᠢᠭᠡ ᠭᠤᠣᠯ ᠰᠢᠵᠢᠮ︾ ᠢ ᠡᠵᠡᠮᠳᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠥᠬᠦ ᠶᠠᠪᠤᠴᠠ ᠳᠤ ᠠᠭᠤᠰᠤᠯᠴᠠᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠪᠤᠴᠠ ᠶᠢ ᠰᠢᠯᠢᠳᠡᠭᠵᠢᠭᠦᠯᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠵᠢᠷᠤᠮᠵᠢᠯ ᠲᠠᠢ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ︽ᠨᠠᠢᠮᠠᠨ ᠵᠦᠢᠯ ᠤᠨ ᠭᠤᠣᠯᠳᠠᠯᠭ᠎ᠠ︾ ᠶᠢᠨ ᠠᠵᠢᠯ ᠢ ᠲᠤᠪᠤᠶᠢᠯᠭᠠᠬᠤ ᠬᠡᠷᠡᠭᠳᠡᠢ᠃ ᠨᠢᠭᠡ ᠳᠤ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠳᠡᠢ᠃ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠦᠷᠭᠦᠯᠵᠢᠯᠡᠨ ᠬᠦᠴᠦᠯᠡᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠠᠶᠢᠭᠤᠯᠤᠯᠲᠠ ᠶᠢ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠬᠤᠶᠠᠷ ᠲᠤ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠶᠢ ᠪᠠᠷᠢᠮᠲᠠᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠢᠳᠡᠪᠬᠢᠲᠡᠶ ᠠᠬᠢᠭᠤᠯᠬᠤ ᠬᠡᠷᠡᠭᠳᠡᠢ᠃ ᠭᠤᠷᠪᠠ ᠳᠤ ᠲᠠᠪᠤᠨ ᠬᠥᠮᠦᠵᠢᠯ ᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠮᠦᠵᠢᠭᠦᠯᠬᠦ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠳᠡᠢ᠃ ᠲᠦᠷᠪᠡ ᠳᠤ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠥᠷᠭᠡᠳᠬᠡᠬᠦ ᠶᠢ ᠪᠠᠷᠢᠮᠲᠠᠯᠠᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠬᠡᠷᠡᠭᠳᠡᠢ᠃ ᠲᠠᠪᠤ ᠳᠤ ︽ᠬᠤᠶᠠᠷ ᠢ ᠬᠦᠩᠭᠡᠷᠡᠭᠦᠯᠬᠦ︾ ᠶᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ︽ᠬᠤᠶᠠᠷ ᠢ ᠬᠦᠩᠭᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠳᠡᠢ᠃ ᠵᠢᠷᠭᠤᠭ᠎ᠠ ᠳᠤ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠰᠤᠷᠭᠠᠭᠤᠯᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠬᠡᠷᠡᠭᠳᠡᠢ᠃ ᠲᠤᠯᠤᠭ᠎ᠠ ᠳᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠴᠢᠩᠭᠠᠳᠬᠠᠬᠤ ᠬᠡᠷᠡᠭᠳᠡᠢ᠃ ᠨᠠᠢᠮᠠ ᠳᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠰᠠᠬᠢᠨ ᠬᠠᠮᠠᠭᠠᠯᠠᠬᠤ ᠬᠡᠷᠡᠭᠳᠡᠢ᠃ ︽ᠳᠥᠷᠪᠡᠨ ᠴᠢᠳᠠᠪᠤᠷᠢ︾ ᠶᠢ ᠳᠡᠭᠡᠭᠰᠢᠯᠡᠭᠦᠯᠵᠦ᠂ ᠵᠢᠷᠤᠮᠵᠢᠭᠰᠠᠨ ᠬᠠᠮᠢᠶᠠᠷᠤᠯᠲᠠ ᠶᠢᠨ ᠴᠢᠳᠠᠪᠤᠷᠢ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠴᠢᠳᠠᠪᠤᠷᠢ᠂ ᠰᠢᠨ᠎ᠡ ᠶᠢ ᠡᠭᠦᠳᠦᠨ ᠤᠷᠤᠭᠰᠢᠯᠠᠨ ᠳᠠᠪᠰᠢᠬᠤ ᠴᠢᠳᠠᠪᠤᠷᠢ᠂ ᠪᠦᠲᠦᠮᠵᠢᠲᠡᠶ ᠨᠠᠶᠢᠳᠠᠪᠤᠷᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠳᠡᠢ ᠭᠡᠵᠡᠢ᠃    ᠬᠤᠷᠠᠯ ᠳᠡᠭᠡᠷ᠎ᠡ᠂ ︽2023 ᠣᠨ ᠤ ᠰᠤᠷᠭᠠᠨ ᠬᠥᠮᠦᠵᠢᠯ ᠤᠨ ᠠᠵᠢᠯ ᠤᠨ ᠪᠣᠳᠠᠲᠤ ᠠᠮᠵᠢᠯᠲᠠ ᠲᠣᠪᠤᠶᠢᠮ᠎ᠠ ᠨᠢᠭᠡᠴᠢ ᠶᠢ ᠨᠡᠶᠢᠲᠡᠯᠡᠬᠦ ᠲᠤᠬᠠᠶ ᠮᠡᠳᠡᠭᠳᠡᠯ︾ ᠢ ᠤᠩᠰᠢᠨ ᠨᠡᠶᠢᠲᠡᠯᠡᠪᠡ᠃ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠳᠡᠳ᠋ ᠲᠠᠰᠤᠭ ᠤᠨ ᠲᠠᠰ ᠠᠴᠠ ᠳᠡᠭᠡᠭᠰᠢᠬᠢ ᠺᠠᠳ᠋ᠷ᠂ ᠲᠣᠪᠴᠢᠶ᠎ᠠ ᠶᠢᠨ ᠬᠠᠷᠢᠶ᠎ᠠ ᠭᠤᠷᠪᠠᠳᠤᠭᠠᠷ ᠳᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠱᠦᠵᠢ᠂ ᠰᠤᠷᠭᠠᠭᠤᠯᠢ ︵ᠴᠡᠴᠡᠷᠯᠢᠭ︶ ᠶᠢᠨ ᠵᠠᠬᠢᠷᠤᠯ᠂ ᠨᠡᠶᠢᠲᠡ 90 ᠭᠠᠷᠤᠶ ᠬᠥᠮᠦᠨ ᠬᠤᠷᠠᠯ ᠳᠤ ᠣᠷᠣᠯᠴᠠᠵᠠᠶ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号