ᠬᠦᠳᠡᠯᠮᠤᠷᠢ ᠦᠢᠯᠡᠴᠢᠯᠡᠭᠡᠨ ᠤ ᠬᠠᠮᠵᠢᠯᠴᠠᠭ᠎ᠠ ᠪᠠᠷ ᠠᠵᠢᠯ ᠤᠯᠭᠤᠯᠳᠠ ᠶᠢᠨ ᠵᠠᠮ ᠢ ᠦᠷᠭᠡᠳᠭᠡᠵᠦ ᠪᠠᠶᠢᠭ᠎ᠠ ᠵᠠᠯᠠᠶᠢᠳ
ᠨᠡᠶᠢᠲᠡᠯᠡᠭᠰᠡᠨ ᠴᠠᠭ᠄
2024/3/20
   ︽ᠡᠨᠡ ᠤᠳᠠᠭ᠎ᠠ ᠶᠢᠨ ᠵᠣᠯᠭᠠᠯᠴᠠᠭ᠎ᠠ ᠳᠤ᠂ ᠪᠢᠳᠡ ᠪᠡᠭᠡᠵᠢᠩ ᠲᠢᠶᠠᠨᠵᠢᠨ ᠡᡁᠧᠪᠸᠢ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠺᠣᠮᠫᠠᠨᠢ ᠲᠠᠢ ᠨᠡᠩ ᠭᠦᠨ ᠳᠠᠪᠬᠤᠷᠭ᠎ᠠ ᠶᠢᠨ ᠰᠣᠯᠢᠯᠴᠠᠭ᠎ᠠ ᠪᠠ ᠣᠶᠢᠯᠠᠭᠠᠯᠴᠠᠭ᠎ᠠ ᠲᠠᠢ ᠪᠣᠯᠪᠠ᠂ ᠬᠤᠶᠢᠰᠢᠳᠠ ᠡᠶᠢᠮᠦᠷᠬᠦ ᠠᠵᠢᠯᠯᠠᠭ᠎ᠠ ᠶᠢ ᠢᠯᠡᠭᠦᠬᠡᠨ ᠵᠣᠬᠢᠶᠠᠨ ᠪᠠᠶᠢᠭᠤᠯᠵᠤ᠂ ᠪᠢᠳᠡᠨ ᠤ ᠪᠡᠭᠡᠵᠢᠩ᠂ ᠡᡁᠧᠪᠸᠢ ᠵᠡᠷᠭᠡ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠺᠣᠮᠫᠠᠨᠢ ᠯᠤᠭ᠎ᠠ ᠶᠢᠨ ᠤᠷᠳᠤ ᠬᠤᠭᠤᠴᠠᠭᠠᠨ ᠤ ᠰᠣᠯᠢᠯᠴᠠᠭ᠎ᠠ ᠬᠠᠮᠲᠤᠷᠠᠯᠴᠠᠭ᠎ᠠ ᠳᠤ ᠬᠥᠭᠦᠷᠭᠡ ᠪᠠ ᠬᠤᠯᠪᠣᠭᠠᠰᠤ ᠪᠠᠶᠢᠭᠤᠯᠬᠤ ᠶᠢ ᠬᠦᠰᠡᠵᠦ ᠪᠠᠶᠢᠨ᠎ᠠ ︾ ᠭᠡᠵᠦ 3 ᠰᠠᠷ᠎ᠠ ᠶᠢᠨ 16 ᠤ ᠡᠳᠦᠷ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠢᠭᠡᠳ ᠲᠠᠩᠱᠠᠨ ᠤ ᠮᠧᠩ ᠫᠠᠢ ᠱᠠᠭᠠᠵᠠᠩ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠡᠷᠭᠢᠯᠡᠭᠰᠡᠨ ᠣᠷᠣᠨ ᠪᠦᠰᠡ ᠠᠯᠤᠰᠯᠠᠭᠰᠠᠨ ︽ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠬᠠᠮᠲᠤᠷᠠᠯᠴᠠᠭ᠎ᠠ︾ ᠶᠢᠨ ᠭᠡᠷ᠎ᠡ ᠲᠣᠭᠲᠠᠬᠤ ᠶᠣᠰᠣᠯᠠᠯ ᠳᠡᠭᠡᠷ᠎ᠡ ᠵᠠᠯᠠᠶᠢᠳ ᠬᠤᠰᠢᠭᠤᠨ ᠤ ᠱᠧᠩ ᠽᠧ ᠬᠥᠮᠦᠨ ᠤ ᠬᠦᠴᠦᠨ ᠤ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢ ᠬᠤᠩ ᠹᠦ᠋ ᠬᠡᠯᠡᠪᠡ᠃    ᠪᠡᠭᠡᠵᠢᠩ ᠲᠢᠶᠠᠨᠵᠢᠨ ᠡᡁᠧᠪᠸᠢ ᠣᠷᠣᠨ ᠤ ᠬᠥᠳᠡᠯᠮᠦᠷᠢ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ ᠳᠤ ᠢᠳᠡᠪᠬᠢᠲᠡᠶ ᠠᠭᠤᠰᠤᠯᠴᠠᠨ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠯᠬᠤ ᠶᠢ ᠠᠬᠢᠭᠤᠯᠬᠤ ᠶᠢᠨ ᠲᠤᠰᠠᠳᠠ᠂ ᠣᠷᠣᠨ ᠪᠦᠰᠡ ᠠᠯᠤᠰᠯᠠᠭᠰᠠᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠦᠷᠭᠦᠯᠵᠢᠯᠡᠨ ᠥᠷᠭᠡᠳᠬᠡᠨ᠎ᠡ᠃ 3 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠬᠡᠨ ᠤ ᠲᠥᠪ ᠪᠡᠭᠡᠵᠢᠩ ᠬᠤᠲᠠ ᠶᠢᠨ ᠹᠧᠩᠲ᠋ᠠᠢ ᠲᠣᠭᠤᠷᠢᠭ ᠪᠠ ᠡᡁᠧᠪᠸᠢ ᠮᠤᠵᠢ ᠶᠢᠨ ᠲᠠᠩᠱᠠᠨ ᠬᠤᠲᠠ  ᠪᠠᠷ ᠬᠦᠷᠴᠦ ᠣᠷᠣᠨ ᠪᠦᠰᠡ ᠠᠯᠤᠰᠯᠠᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠵᠣᠯᠭᠠᠭᠤᠯᠬᠤ ᠠᠵᠢᠯᠯᠠᠭ᠎ᠠ ᠥᠷᠨᠢᠭᠦᠯᠵᠦ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠲᠠᠪᠴᠠᠩ ᠢ ᠦᠷᠭᠦᠯᠵᠢᠯᠡᠨ ᠪᠠᠶᠢᠭᠤᠯᠪᠠ᠃    ᠪᠡᠭᠡᠵᠢᠩ ᠬᠤᠲᠠ ᠶᠢᠨ ᠹᠧᠩᠲ᠋ᠠᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠳᠣᠣᠷ᠎ᠠ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠪᠡᠭᠡᠵᠢᠩ ᠬᠤᠲᠠ ᠶᠢᠨ ᠮᠢᠶᠣᠣ ᠼᠧ ᠱᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠹᠧᠩᠲ᠋ᠠᠢ ᠰᠤᠷᠭᠠᠭᠤᠯᠢ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠢ ᠱᠧᠩ ᠲᠠᠩ ︵ᠪᠡᠭᠡᠵᠢᠩ︶ ᠬᠢᠲᠠᠳ ᠡᠮ ᠡᠮᠨᠡᠯᠭᠡ ᠶᠢᠨ ᠰᠣᠶᠣᠯ ᠤᠨ ᠳᠠᠮᠵᠢᠭᠤᠯᠭ᠎ᠠ ᠶᠢᠨ ᠬᠢᠵᠠᠭᠠᠷᠲᠤ ᠺᠣᠮᠫᠠᠨᠢ᠂ ᠪᠡᠭᠡᠵᠢᠩ ᠬᠤᠲᠠ ᠶᠢᠨ ᠹᠧᠩᠲ᠋ᠠᠢ ᠲᠣᠭᠤᠷᠢᠭ ᠤᠨ ᠯᠠᠶ ᠪᠦᠦ ᠮᠠᠰᠢᠨ ᠲᠡᠷᠭᠡᠨ ᠤ ᠵᠠᠰᠠᠯ ᠴᠢᠮᠡᠭᠯᠡᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠪᠠ ᠪᠡᠭᠡᠵᠢᠩ ᠤᠨ ᠯᠠᠶ ᠪᠦᠦ ᠮᠠᠰᠢᠨ ᠲᠡᠷᠭᠡᠨ ᠤ ᠵᠠᠰᠠᠯ ᠴᠢᠮᠡᠭᠯᠡᠯ ᠤᠨ ᠬᠤᠯᠪᠤᠭᠠᠳᠤ ᠬᠢᠵᠠᠭᠠᠷᠲᠤ ᠺᠣᠮᠫᠠᠨᠢ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠵᠣᠯᠭᠠᠭᠤᠯᠬᠤ ᠠᠵᠢᠯ ᠢ ᠥᠷᠨᠢᠭᠦᠯᠪᠡ᠃ ᠠᠵᠤ ᠠᠬᠤᠶᠢᠯᠠᠯ ᠤᠨ ᠲᠦᠢᠮᠣ ᠪᠠᠶᠢᠳᠠᠯ᠂ ᠠᠵᠢᠯ ᠤᠨ ᠪᠠᠶᠢᠷᠢ ᠶᠢᠨ ᠬᠦᠷᠭᠡᠯᠲᠡ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠪᠠᠶᠢᠳᠠᠯ ᠢ ᠣᠶᠢᠯᠠᠭᠠᠬᠤ ᠪᠠᠷ ᠳᠠᠮᠵᠢᠭᠤᠯᠤᠨ᠂ ᠲᠠᠷᠠᠭᠠᠴᠢ ᠶᠢᠨ ᠠᠯᠬᠤᠮ ᠳᠤ ᠪᠥᠬᠦ ᠲᠠᠯ᠎ᠠ ᠶᠢᠨ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ ᠶᠢ ᠬᠠᠮᠲᠤ ᠪᠠᠷ ᠪᠠᠶᠢᠭᠤᠯᠬᠤ ᠲᠤᠬᠠᠶ ᠵᠥᠪᠳᠡᠯᠴᠡᠭᠡ ᠥᠷᠨᠢᠭᠦᠯᠵᠠᠢ᠃    ᠲᠠᠩᠱᠠᠨ ᠤ ᠮᠧᠩ ᠫᠠᠢ ᠱᠠᠭᠠᠵᠠᠩ ᠤᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠲᠤᠬᠠᠢ ᠶᠢᠨ ᠭᠠᠵᠠᠷ ᠲᠤᠨᠢ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ᠂ ᠣᠷᠣᠨ ᠪᠦᠰᠡ ᠶᠢᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠰᠣᠯᠢᠯᠴᠠᠭᠠᠨ ᠤ ᠲᠠᠪᠴᠠᠩ ᠢ ᠬᠠᠮᠲᠤᠪᠠᠷ ᠪᠠᠶᠢᠭᠤᠯᠬᠤ ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠬᠥᠳᠡᠯᠮᠦᠷᠢ ᠦᠢᠯᠡᠴᠢᠯᠡᠭᠡᠨ ᠤ ᠮᠡᠳᠡᠭᠡ ᠵᠠᠩᠭᠢ ᠶᠢᠨ ᠬᠠᠩᠭᠠᠯᠭ᠎ᠠ ᠬᠡᠷᠡᠭᠴᠡᠭᠡ ᠂ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠰᠠᠨᠠᠯ ᠨᠢᠭᠡᠳᠦᠭᠰᠡᠨ ᠪᠥᠭᠡᠳ ᠠᠵᠤ ᠠᠬᠤᠶᠢᠯᠠᠯ ᠲᠠᠢ ︽ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠬᠠᠮᠲᠤᠷᠠᠯᠴᠠᠭ᠎ᠠ︾ ᠶᠢᠨ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠪᠠ᠃ ᠬᠡᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ︽ᠵᠠᠬᠢᠶᠠᠯᠠᠭ᠎ᠠ ᠶᠢᠨ ᠬᠡᠯᠪᠡᠷᠢ᠂ ᠬᠠᠨᠳᠤᠯᠭᠠᠳᠤ ᠬᠡᠯᠪᠡᠷᠢ︾ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠬᠦ᠂ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠰᠠᠭᠠᠳ ᠥᠬᠡᠶ ᠨᠡᠪᠲᠡᠷᠡᠭᠦᠯᠬᠦ᠂ ᠭᠠᠳᠠᠭᠰᠢ ᠭᠠᠷᠭᠠᠬᠤ ᠰᠠᠭᠤᠷᠢᠨ ᠭᠠᠵᠠᠷ ᠢ ᠥᠷᠭᠡᠳᠬᠡᠬᠦ᠂ ᠵᠠᠬᠢᠶᠠᠯᠠᠭ᠎ᠠ ᠶᠢᠨ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠶᠢ ᠬᠥᠭᠵᠢᠭᠦᠯᠬᠦ ᠵᠡᠷᠭᠡ ᠲᠠᠯ᠎ᠠ ᠪᠠᠷ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠪᠠ᠃ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠢᠯ ᠣᠯᠭᠤᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠦᠢᠯᠡᠴᠢᠯᠡᠭᠡᠨ ᠤ ᠴᠢᠨᠰᠠᠭ᠎ᠠ ᠶᠢ ᠳᠡᠭᠡᠭᠰᠢᠯᠡᠬᠦᠯᠪᠡ᠃    ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠃ ︽ᠳᠠᠷᠠᠭᠠᠴᠢ ᠶᠢᠨ ᠠᠯᠬᠤᠮ ᠳᠤ ᠂ ᠪᠢᠳᠡ ᠪᠡᠭᠡᠵᠢᠩ ᠲᠢᠶᠠᠨᠵᠢᠨ ᠾᠧᠪᠸᠢ ᠣᠷᠣᠨ ᠯᠤᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ︿ᠦᠢᠯᠡᠴᠢᠯᠡᠭᠡ ᠶᠢ ᠳᠡᠭᠡᠳᠦᠯᠡᠬᠦ᠂ ᠦᠨᠡᠨᠴᠢ ᠢᠲᠡᠭᠡᠮᠵᠢᠲᠡᠶ ᠪᠠᠷ ᠦᠨᠳᠦᠰᠦ ᠪᠣᠯᠭᠠᠬᠤ᠂ ᠬᠠᠩᠭᠠᠯᠭ᠎ᠠ ᠬᠡᠷᠡᠭᠴᠡᠭᠡ ᠶᠢ ᠳᠠᠶᠢᠴᠢᠯᠠᠨ ᠵᠢᠯᠣᠭᠤᠳᠬᠤ᠂ ᠨᠠᠷᠢᠯᠢᠭ ᠣᠨᠣᠴᠠᠲᠠᠶ ᠪᠠᠷ ᠵᠣᠯᠭᠠᠭᠤᠯᠬᠤ﹀ ᠵᠠᠷᠴᠢᠮ ᠢᠶᠠᠷ ᠣᠷᠣᠨ ᠪᠦᠰᠡ ᠠᠯᠤᠰᠯᠠᠭᠰᠠᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠰᠠᠭᠤᠷᠢᠨ ᠭᠠᠵᠠᠷ ᠢ ᠪᠠᠶᠢᠭᠤᠯᠬᠤ ᠪᠠᠷ ᠳᠠᠮᠵᠢᠭᠤᠯᠤᠨ᠂ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠬᠥᠳᠡᠯᠮᠦᠷᠢ ᠦᠢᠯᠡᠴᠢᠯᠡᠭᠡ ᠶᠢ ᠣᠷᠣᠭᠤᠯᠬᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠵᠠᠯᠠᠶᠢᠳ ᠬᠤᠰᠢᠭᠤᠨ ᠤ ᠬᠥᠳᠡᠯᠮᠦᠷᠢ ᠬᠦᠴᠦᠨ ᠢ ᠡᠮᠬᠢ ᠵᠢᠷᠤᠮ ᠲᠠᠢ ᠪᠠᠷ ᠭᠠᠳᠠᠭᠰᠢ ᠰᠢᠯᠵᠢᠭᠦᠯᠦᠨ᠂ ᠠᠵᠢᠯ ᠡᠷᠢᠭᠰᠡᠳ ᠲᠣᠭᠲᠠᠪᠤᠷᠢᠲᠠᠶ ᠠᠵᠢᠯ ᠤᠯᠬᠤ᠂ ᠭᠦᠢᠴᠡᠳ ᠠᠵᠢᠯ ᠤᠯᠬᠤ ᠶᠢ ᠠᠬᠢᠭᠤᠯᠤᠨ᠂ ᠪᠥᠬᠦ ᠬᠤᠰᠢᠭᠤᠨ ᠤ ᠴᠢᠨᠠᠷ ᠰᠠᠶᠢᠲᠠᠶ ᠠᠵᠢᠯ ᠣᠯᠭᠤᠯᠲᠠ ᠶᠢᠨ ᠠᠬᠢᠴᠠ ᠶᠢ ᠦᠷᠭᠦᠯᠵᠢᠯᠡᠨ ᠠᠬᠢᠭᠤᠯᠬᠤ ᠳᠤ ᠪᠠᠲᠤ ᠪᠠᠬᠢ ᠰᠠᠭᠤᠷᠢ ᠬᠠᠩᠭᠠᠬᠤ ᠶᠢᠨ ᠬᠠᠮᠲᠤ᠂ ᠬᠤᠶᠠᠷ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠦ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠡᠷᠬᠢᠯᠡᠭᠴᠢ ᠯᠢᠦ ᠹᠧᠩ ᠱᠢ ᠬᠡᠯᠡᠪᠡ᠃    ᠣᠶᠢᠷ᠎ᠠ ᠶᠢᠨ ᠵᠢᠯ ᠳᠤ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ︾ ᠶᠡᠷᠦᠩᠬᠡᠶ ᠬᠥᠭ ᠠᠶᠠᠰ ᠢ ᠪᠠᠲᠤ ᠡᠵᠡᠮᠳᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠤᠨ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠬᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠣᠯᠠᠨ ᠲᠦᠮᠡᠨ ᠠᠴᠠ ᠬᠠᠮᠤᠭ ᠤᠨ ᠣᠶᠢᠷ᠎ᠠ᠂ ᠣᠯᠠᠨ ᠲᠦᠮᠡᠨ ᠳᠤ ᠰᠢᠭᠤᠳ ᠦᠢᠯᠡᠴᠢᠯᠡᠬᠦ ᠡᠭᠦᠷᠭᠡ ᠴᠢᠳᠠᠪᠤᠷᠢ ᠶᠢᠨ ᠳᠠᠪᠠᠭᠤᠯᠢᠭ ᠢ ᠰᠠᠶᠢᠳᠤᠷ ᠪᠠᠳᠠᠷᠠᠭᠤᠯᠵᠤ᠂ ᠨᠠᠩ ᠣᠯᠠᠨ ᠬᠥᠭᠵᠢᠭᠰᠡᠨ ᠮᠤᠵᠢ ᠬᠤᠲᠠ ᠲᠠᠢ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠵᠣᠬᠢᠶᠠᠨ ᠪᠠᠶᠢᠭᠤᠯᠤᠯᠲᠠ ᠲᠠᠢ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠬᠦᠳᠡᠯᠮᠤᠷᠢ ᠬᠦᠴᠦ ᠶᠢ ᠭᠠᠳᠠᠭᠰᠢ ᠰᠢᠯᠵᠢᠭᠦᠯᠦᠨ ᠠᠵᠢᠯ ᠣᠯᠭᠤᠬᠤ ᠶᠢ ᠴᠢᠨᠠᠷ ᠰᠠᠶᠢᠲᠠᠶ ᠠᠬᠢᠭᠤᠯᠤᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠪᠡ᠃ ᠣᠳᠣᠬᠠᠨ ᠳᠤ᠂ ᠮᠠᠨ ᠤ ᠲᠣᠪᠴᠢᠶ᠎ᠠ ᠨᠢᠭᠡᠨᠲᠡ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ᠂ ᠵᠧᠵᠢᠶᠠᠩ ᠮᠤᠵᠢ ᠶᠢᠨ ᠬᠠᠩᠵᠧᠦ ᠬᠤᠲᠠ ᠵᠡᠷᠭᠡ ᠭᠠᠵᠠᠷ ᠲᠠᠢ 4 ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ 1100 ᠭᠠᠷᠤᠶ ᠬᠥᠮᠦᠨ ᠢ ᠰᠢᠭᠤᠳ ᠪᠤᠶᠤ ᠳᠠᠮ ᠢᠶᠠᠷ ᠬᠠᠪᠰᠤᠷᠤᠨ ᠲᠡᠳᠬᠦᠵᠦ ᠠᠵᠢᠯ ᠣᠯᠭᠤᠭᠰᠠᠨ ᠪᠠᠶᠢᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号