ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/3/20
   3 ᠰᠠᠷ᠎ᠠ ᠶᠢᠨ 19 ᠤ ᠡᠳᠦᠷ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠴᠢᠨ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠠᠨ ᠬᠤᠷᠠᠯᠳᠤᠭᠤᠯᠪᠠ᠃    ᠬᠤᠷᠠᠯ ᠠᠴᠠ᠂ ᠪᠦᠬᠦ ᠤᠯᠤᠰ ᠤᠨ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠬᠡᠨ᠂ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠦᠨᠳᠦᠰᠦᠨ ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠤᠳᠤ ᠶᠢᠨ ᠪᠠᠶᠢᠭ᠎ᠠ ᠠᠵᠤ ᠠᠬᠤᠶᠢᠯᠠᠯ ᠳᠤ ᠪᠦᠬᠦ ᠬᠦᠴᠦᠨ ᠢᠶᠠᠷ ᠢᠶᠠᠨ ᠦᠢᠯᠡᠴᠢᠯᠡᠬᠦ ᠬᠡᠷᠡᠭᠳᠡᠢ᠃ ᠠᠷᠠᠯᠵᠢᠶᠠᠴᠢᠨ ᠤᠷᠢᠵᠤ ᠪᠠᠯᠠ ᠮᠦᠩᠭᠦ ᠣᠷᠣᠭᠤᠯᠣᠨ ᠠᠪᠴᠢᠷᠠᠬᠤ ᠢᠨᠵᠧᠨᠧᠷᠢᠩ ᠢ ᠡᠷᠡᠰ ᠨᠠᠶᠢᠳᠠᠪᠤᠷᠢᠵᠢᠭᠤᠯᠵᠤ᠂ ᠮᠢᠬᠠᠨ ᠦᠬᠡᠷ᠂ ᠮᠢᠬᠠᠨ ᠬᠤᠨᠢ᠂ ᠤᠰᠤᠨ ᠲᠤᠲᠤᠷᠭ᠎ᠠ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠳᠡᠭᠡᠷ᠎ᠡ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠶᠢ ᠭᠤᠤᠯᠳᠠᠯᠭ᠎ᠠ ᠲᠠᠢ ᠥᠷᠨᠢᠭᠦᠯᠤᠨ᠂ ᠣᠨᠣᠪᠴᠢ ᠶᠢᠨ ᠬᠡᠮᠵᠢᠶ᠎ᠡ ᠪᠠ ᠠᠮᠵᠢᠯᠲᠠ ᠶᠢᠨ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠨ ᠤ ᠬᠠᠷᠠᠯᠲᠠ ᠪᠠᠨ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠤᠭ᠎ᠠ ᠪᠦᠷᠢᠳᠬᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠭᠤᠤᠯ ᠡᠭᠦᠷᠭᠡ ᠪᠠ ᠭᠤᠤᠯ ᠠᠵᠢᠯ ᠪᠣᠯᠭᠠᠨ ᠠᠳᠬᠤᠵᠤ᠂ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢ ᠴᠢᠩᠭ᠎ᠠ ᠠᠳᠬᠤᠨ᠂ ᠬᠠᠤᠯᠢ ᠶᠣᠰᠣᠭᠠᠷ ᠪᠦᠷᠢᠳᠬᠡᠬᠦ᠂ ᠰᠢᠨᠵᠢᠯᠡᠬᠦ ᠤᠬᠠᠭᠠᠨᠴᠢ ᠪᠠᠷ ᠪᠦᠷᠢᠳᠬᠡᠬᠦ ᠶᠢ ᠪᠡᠶᠡᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠴᠢᠩᠭ᠎ᠠ ᠬᠦᠴᠦᠲᠡᠶ ᠲᠤᠭ᠎ᠠ ᠪᠦᠷᠢᠳᠬᠡᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号