ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/3/20
     3 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2024 ᠣᠨ ᠤ ᠠᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ᠬᠤᠷᠠᠯ ᠢ ᠡᠷᠭᠢᠯᠡᠪᠡ᠃    ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠶᠡᠷᠦᠩᠬᠡᠶ ᠱᠦᠵᠢ ᠰᠢ ᠶᠢᠨ ᠫᠢᠩ  ᠤᠨ ᠴᠢᠬᠤᠯᠠ ᠶᠠᠷᠢᠶ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠭᠠᠷᠳᠠᠬᠤ ᠴᠡᠭ ᠪᠠ ᠬᠦᠴᠦᠯᠡᠬᠦ ᠴᠡᠭ ᠢᠶᠠᠨ ᠣᠨᠣᠪᠴᠢᠲᠠᠶ ᠣᠯᠵᠤ᠂ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠰᠢᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠰᠢᠨ᠎ᠡ ᠦᠢᠯᠡᠳᠪᠤᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠶ᠃ ᠵᠠᠯᠠᠭᠤ ᠺᠠᠳ᠋ᠷᠴᠤᠳ ᠤᠨ ᠪᠦᠬᠦ ᠬᠡᠯᠬᠢᠶ᠎ᠡ ᠶᠢᠨ ᠠᠵᠢᠯ ᠤᠨ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠮᠣᠷᠠᠯ ᠴᠢᠳᠠᠪᠤᠷᠢ ᠬᠤᠣᠰᠯᠠᠭᠰᠠᠨ᠂ ᠬᠡᠪ ᠪᠤᠯᠪᠠᠰᠤᠷᠠᠯ ᠰᠢᠯᠢᠳᠡᠭ ᠰᠠᠶᠢᠨ᠂ ᠬᠦᠨᠳᠦ ᠡᠭᠦᠷᠭᠡ ᠡᠭᠦᠷᠭᠡᠯᠡᠵᠦ ᠳᠡᠶᠢᠯᠬᠦ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠨᠠᠮ ᠤᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠶᠢ ᠠᠬᠢᠭᠤᠯᠵᠤ᠂ ᠨᠡᠩ ᠶᠡᠭᠡ ᠬᠠᠷᠢᠴᠠᠯ ᠢᠶᠠᠷ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠳᠡᠮᠵᠢᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠪᠣᠯᠤᠨ ᠮᠠᠯᠴᠢᠨ ᠲᠠᠷᠢᠶᠠᠴᠢᠨ ᠢ ᠬᠠᠪᠰᠤᠷᠤᠨ ᠪᠡᠯᠡ ᠮᠥᠩᠭᠦ ᠴᠤᠭᠯᠠᠭᠤᠯᠬᠤ ᠵᠢᠭᠡᠯᠡᠯᠭᠡ ᠶᠢᠨ ᠲᠠᠯ᠎ᠠ ᠪᠠᠷ ᠬᠢ ᠪᠠᠴᠢᠮ ᠬᠡᠷᠡᠭᠴᠡᠭᠡ᠂ ᠬᠦᠰᠡᠯ ᠡᠷᠡᠮᠡᠯᠵᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ᠂ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠲᠤᠭᠤᠰᠢᠳᠠᠢ ᠠᠳᠬᠤᠵᠤ᠂ ᠴᠥᠬᠦᠷᠡᠰᠢ ᠦᠭᠡᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠠᠬᠢᠭᠤᠯᠬᠤ ᠬᠡᠷᠡᠭᠲᠡᠢ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠣᠯᠤᠨ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ︾ ᠠᠰᠠᠭᠤᠳᠠᠯ ᠤᠨ ᠡᠬᠢ ᠰᠤᠷᠪᠤᠯᠵᠢ ᠶᠢ ᠴᠡᠪᠡᠷᠯᠡᠨ ᠡᠴᠦᠰ ᠲᠤᠨᠢ ᠲᠤᠯᠲᠠᠯ᠎ᠠ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠭᠤᠣᠯ ᠰᠢᠵᠢᠮ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠪᠦᠬᠦ ᠬᠤᠰᠢᠭᠤᠨ ᠤ ᠠᠵᠢᠯ ᠤᠨ ᠡᠯ᠎ᠡ ᠬᠦᠷᠢᠶ᠎ᠡ᠂ ᠡᠯ᠎ᠡ ᠲᠠᠯ᠎ᠠ᠂ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠵᠠᠯᠠᠶᠢᠳ ᠬᠤᠰᠢᠭᠤᠨ ᠤ ᠤᠳᠤᠷᠢᠳᠤᠯᠭ᠎ᠠ ᠴᠢ ᠯᠢᠨ᠂ ᠮᠠ ᠮᠧᠩ ᠨᠠᠷ ᠬᠤᠷᠠᠯ ᠳᠤ ᠣᠷᠣᠯᠴᠠᠵᠤ᠂ ᠴᠧᠩ ᠮᠢᠩ ᠯᠢ ᠨᠡᠷ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号