ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢᠶᠠᠨ ᠰᠠᠶᠢᠳᠤᠷ ᠬᠢᠵᠦ ᠪᠠᠶᠢᠭ᠎ᠠ ᠬᠤᠯᠪᠤᠭ᠎ᠠ ᠪᠠᠯᠭᠠᠰᠤᠨ  ᠤ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/3/28
    ᠣᠶᠢᠷ᠎ᠠ ᠳᠤ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ︽ᠯᠸᠢ ᠹᠧᠩ ᠠᠴᠠ ᠲᠠᠭᠠᠨ ᠰᠤᠷᠤᠯᠴᠠᠬᠤ︾ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠲᠠᠢ ᠤᠶᠠᠯᠳᠤᠭᠤᠯᠤᠨ᠂ ᠡᠯ᠎ᠡ ᠲᠣᠰᠬᠤᠨ ᠤ ᠵᠠᠯᠠᠭᠤ ᠰᠠᠶᠢᠨ ᠲᠤᠷᠠᠴᠤᠤᠯ ᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠢᠶᠠᠷ ᠭᠦᠨᠵᠡᠭᠡᠶᠢᠷᠡᠭᠦᠯᠦᠨ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠤᠷᠢᠯᠡᠯ ᠳᠤ ᠬᠦᠴᠦᠨ ᠨᠡᠮᠡᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ ᠠᠵᠢᠯ ᠢ ᠠᠬᠢᠭᠤᠯᠪᠠ᠃
    ᠰᠢᠶᠠᠨ ᠹᠧᠩ ᠲᠣᠰᠬᠤᠨ ᠤ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠰᠠᠭᠤᠷᠢᠨ ᠤ ᠲᠤᠬᠠᠢ ᠶᠢᠨ ᠲᠠᠯᠠᠪᠠᠢ ᠳᠤ᠂ ᠵᠠᠯᠠᠭᠤ ᠰᠠᠶᠢᠨ ᠲᠤᠷᠠᠴᠤᠤᠯ ᠦᠢᠯᠡᠴᠢᠯᠡᠭᠡᠨ ᠤ ᠵᠣᠷᠢᠭ ᠰᠠᠨᠠᠭ᠎ᠠ ᠪᠣᠯᠤᠨ ᠬᠦᠳᠦᠯᠦᠨ ᠳᠠᠭᠠᠭᠤᠯᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠲᠠᠷᠢᠮᠠᠯ ᠤᠨ ᠡᠷᠦᠬᠡ ᠲᠠᠢ ᠬᠠᠮᠵᠢᠯᠴᠠᠵᠤ᠂ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠠᠵᠢᠯ ᠢ ᠡᠮᠬᠢ ᠵᠢᠷᠤᠮ ᠲᠠᠢ ᠥᠷᠨᠢᠭᠦᠯᠵᠡᠢ᠃ ᠡᠭᠦᠨ ᠤ ᠬᠠᠮᠲᠤ ᠬᠦᠯᠡᠮᠵᠢ ᠶᠢᠨ ᠳᠤᠯᠠᠭᠠᠨ ᠢ ᠬᠠᠮᠠᠭᠠᠯᠠᠵᠤ ᠬᠥᠯᠳᠡᠬᠦ ᠠᠴᠠ ᠰᠡᠷᠭᠡᠶᠢᠯᠡᠬᠦ᠂ ᠰᠠᠯᠬᠢ ᠨᠡᠪᠲᠡᠷᠡᠭᠦᠯᠦᠨ ᠴᠢᠭᠢᠭ ᠢ ᠭᠠᠳᠠᠭᠰᠢᠯᠠᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠮᠡᠳᠡᠯᠭᠡ ᠶᠢᠨ ᠲᠠᠯ᠎ᠠ ᠪᠠᠷ ᠵᠢᠯᠤᠭᠤᠳᠤᠯᠭ᠎ᠠ ᠬᠢᠵᠦ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠶᠢᠨ ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠴᠡᠢ᠃
   ︽ᠲᠤᠩ ᠪᠠᠶᠠᠷᠯᠠᠯ᠎ᠠ︕ ᠬᠠᠪᠤᠷ ᠤᠨ ᠠᠭᠤᠷ ᠣᠷᠣᠮᠠᠭᠴᠠ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠴᠠᠭ ᠪᠣᠯᠵᠠᠢ᠂  ᠳᠡᠳᠡᠨᠡᠷ ᠤᠯᠠᠭᠠᠨ ᠤᠤᠵᠢ ᠡᠮᠦᠰᠴᠦ ᠰᠠᠨᠠᠭᠠᠴᠢᠯᠠᠭ᠎ᠠ ᠠᠴᠠ ᠪᠠᠨ ᠬᠡᠷ ᠲᠤ ᠢᠷᠡᠵᠦ ᠦᠢᠯᠡᠴᠢᠯᠡᠪᠡ᠂ ᠡᠨᠡ ᠵᠢᠯ ᠯᠠᠪᠲᠠᠢ ᠪᠠᠰᠠ ᠨᠢᠭᠡ ᠡᠯᠪᠡᠭ ᠬᠤᠷᠢᠶᠠᠯᠲᠠ ᠲᠠᠢ ᠵᠢᠯ ᠪᠣᠯᠵᠠᠢ︕︾ ᠭᠡᠵᠦ ᠰᠢᠶᠠᠨ ᠹᠧᠩ ᠲᠣᠰᠬᠤᠨ ᠤ ᠤᠰᠤᠨ ᠲᠤᠲᠤᠷᠭ᠎ᠠ ᠲᠠᠷᠢᠬᠤ ᠡᠷᠦᠬᠡ ᠵᠠᠩ ᠬᠠᠢ ᠯᠦᠩ ᠪᠠᠶᠠᠷᠲᠠᠢ ᠬᠡᠯᠡᠪᠡ᠃
   ᠡᠭᠦᠨ ᠲᠠᠢ ᠠᠳᠠᠯᠢ ᠪᠠᠷ᠂ ᠱᠦᠢ ᠲᠢᠶᠠᠨ ᠲᠣᠰᠬᠤᠨ ᠤ ᠲᠠᠷᠢᠶᠠᠨ ᠭᠠᠵᠠᠷ ᠲᠤ᠂ ᠵᠠᠯᠠᠭᠤ ᠰᠠᠶᠢᠨ ᠲᠤᠷᠠᠴᠤᠤᠯ ᠤᠰᠤᠨ ᠲᠤᠲᠤᠷᠭ᠎ᠠ ᠲᠠᠷᠢᠬᠤ ᠡᠷᠦᠬᠡ ᠶᠢ ᠬᠠᠪᠰᠤᠷᠤᠨ ᠴᠢᠬᠢ ᠪᠤᠶᠢᠵᠢᠭᠤᠯᠬᠤ ᠬᠦᠯᠡᠮᠵᠢ ᠪᠠᠶᠢᠭᠤᠯᠵᠤ᠂ ᠤᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠨᠢ ᠡᠮᠬᠢ ᠳᠢᠭᠯᠢᠮ ᠲᠠᠢ ᠪᠠᠶᠢᠵᠤ᠂ ᠰᠡᠳᠬᠢᠯ ᠰᠠᠨᠠᠭ᠎ᠠ ᠪᠠᠨ ᠣᠯᠣᠯᠴᠠᠨ᠂ ᠲᠠᠷᠢᠶᠠᠯᠠᠬᠤ ᠴᠠᠭ ᠢ ᠵᠠᠪᠳᠤᠵᠤ ᠶᠠᠰᠤ ᠴᠢᠨᠠᠷ ᠢ ᠪᠠᠲᠤᠯᠠᠨ ᠴᠢᠬᠢ ᠪᠤᠶᠢᠵᠢᠭᠤᠯᠬᠤ ᠠᠵᠢᠯ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠡᠢ᠃    ᠳᠠᠷᠠᠭᠠᠴᠢ ᠶᠢᠨ ᠠᠯᠬᠤᠮ ᠳᠤ᠂ ᠬᠤᠯᠪᠤᠭ᠎ᠠ ᠪᠠᠯᠭᠠᠰᠤᠨ ᠤ ᠬᠢᠨ ᠥᠷᠭᠡᠨ ᠣᠯᠠᠨ ᠵᠠᠯᠠᠭᠤ ᠰᠠᠶᠢᠨ ᠲᠤᠷᠠᠴᠤᠤᠯ ᠢ ᠤᠷᠢᠶᠠᠯᠠᠨ ᠲᠠᠷᠢᠶᠠᠨ ᠭᠠᠵᠠᠷ ᠢᠶᠠᠷ ᠭᠦᠨᠵᠡᠭᠡᠶᠢᠷᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠠᠷᠢᠶᠠᠯᠠᠩ ᠦᠢᠯᠡᠳᠪᠦᠷᠢᠯᠡᠯ ᠤᠨ ᠡᠯ᠎ᠡ ᠵᠠᠩᠭᠢᠯᠠᠭ᠎ᠠ ᠳᠤ ᠦᠷᠭᠦᠯᠵᠢᠯᠡᠨ ᠣᠷᠣᠯᠴᠠᠭᠤᠯᠵᠤ᠂ ᠲᠠᠷᠢᠶᠠᠯᠠᠩ ᠦᠢᠯᠡᠳᠪᠦᠷᠢᠯᠡᠯ ᠤᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号