ᠳ᠋ᠦ᠋ ᠭᠠᠩ ᠲᠦᠯᠦᠭᠡᠯᠡᠭᠴᠢ᠄ ᠦᠨᠡᠨᠴᠢ ᠡᠭᠦᠷᠭᠡᠯᠡᠯ ᠰᠢᠷᠭᠠᠭᠤ ᠴᠢᠷᠮᠠᠶᠢᠯᠭ᠎ᠠ ᠪᠠᠷ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠦᠯᠦ ᠬᠦᠰᠡᠷᠳᠡᠭᠦᠯᠦᠨ᠎ᠡ
ᠨᠡᠶᠢᠲᠡᠯᠡᠭᠰᠡᠨ ᠴᠠᠭ᠄
2024/3/8
     ᠡᠰᠢ ᠰᠦᠷᠡᠯ ᠢ ᠠᠷᠢᠯᠭᠠᠨ᠂ ᠲᠠᠷᠢᠶᠠᠯᠠᠩ ᠤᠨ ᠮᠠᠰᠢᠨ ᠢᠶᠠᠨ ᠰᠡᠯᠪᠢᠨ ᠵᠠᠰᠠᠵᠤ᠂ ᠲᠠᠷᠢᠶᠠᠨ ᠦᠷ᠎ᠡ ᠰᠣᠩᠭᠤᠨ᠎ᠠ ᠁ ᠴᠠᠭᠠᠨ ᠰᠠᠷ᠎ᠠ ᠶᠢᠨ ᠰᠢᠨ᠎ᠡ ᠶᠢᠨ ᠲᠤᠯᠤᠭᠠᠨ ᠳᠤ᠂ ᠤᠯᠠᠨ ᠢᠶᠠᠷ ᠢᠶᠠᠨ ᠶᠠᠭ ᠰᠠᠶ᠋ᠢᠬᠠᠨ ᠴᠠᠭᠠᠨ ᠰᠠᠷ᠎ᠠ ᠶᠢᠨ ᠠᠭᠤᠷ ᠠᠮᠢᠰᠬᠤᠯ ᠳᠤ ᠰᠣᠭᠲᠣᠭᠤᠷᠠᠵᠤ ᠪᠠᠶᠢᠬᠤ ᠦᠶ᠎ᠡ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠦ᠋ ᠳ᠋ᠣᠣ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠳ᠋ᠦ᠋ ᠭᠠᠩ ᠬᠠᠪᠤᠷ ᠤᠨ ᠲᠠᠷᠢᠶᠠᠯᠠᠭ᠎ᠠ ᠶᠢᠨ ᠠᠵᠢᠯ ᠳᠠᠭᠠᠨ ᠪᠡᠯᠡᠳᠬᠡᠵᠦ ᠶᠠᠭᠠᠷᠠᠨ᠎ᠠ᠃ ︽ᠡᠷᠲᠡ ᠠᠴᠠ ᠲᠥᠯᠥᠪᠯᠡᠵᠦ᠂ ᠡᠷᠲᠡ ᠠᠴᠠ ᠠᠵᠢᠯ ᠢᠶᠠᠨ ᠡᠬᠢᠯᠡᠭᠦᠯᠦᠨ᠎ᠡ᠂ ᠢᠩᠭᠢᠪᠡᠯ ᠰᠠᠶ᠋ᠢ ᠠᠵᠢᠯ ᠤᠨ ᠳᠤᠮᠳᠠ ᠪᠠᠨ ᠲᠣᠰᠬᠤᠨ ᠤ ᠠᠷᠠᠳ ᠤᠨ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠤᠯᠠᠨ ᠲᠦᠮᠡᠨ ᠤ ᠰᠡᠳᠬᠢᠯ ᠤᠨ ᠦᠭᠡ ᠶᠢ ᠬᠤᠶᠠᠷ ᠬᠤᠷᠠᠯ ᠳᠡᠭᠡᠷ᠎ᠡ ᠳᠠᠮᠵᠢᠭᠤᠯᠵᠤ ᠲᠠᠶᠢᠯᠤᠨ᠎ᠠ︾᠃ ᠲᠠᠷᠢᠶᠠᠨ ᠠᠵᠢᠯ ᠳᠠᠭᠠᠨ ᠶᠠᠭᠠᠷᠠᠬᠤ ᠶᠢᠨ ᠲᠠᠭᠠᠥ ᠳ᠋ᠦ᠋ ᠭᠠᠩ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠬᠦᠰᠡᠯ ᠰᠠᠨᠠᠭ᠎ᠠ ᠶᠢ ᠴᠤᠭᠯᠠᠭᠤᠯᠬᠤ ᠪᠠᠨ ᠮᠠᠷᠲᠠᠯ ᠦᠭᠡᠢ ᠪᠠᠷ ᠬᠤᠶᠠᠷ ᠬᠤᠷᠠᠯ ᠤᠨ ᠰᠠᠨᠠᠭᠤᠯᠭ᠎ᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠠ᠃     ︽85 ᠤᠨ ᠠᠴᠠ ᠬᠤᠶᠢᠰᠢ ᠲᠦᠷᠦᠭᠰᠡᠳ︾ ᠤᠨ ᠨᠢᠭᠡ ᠪᠤᠯᠬᠤ ᠳ᠋ᠦ᠋ ᠭᠠᠩ ᠶᠡᠭᠡ ᠰᠤᠷᠭᠠᠭᠤᠯᠢ ᠲᠡᠭᠦᠰᠦᠭᠰᠡᠨ ᠤ ᠳᠠᠷᠠᠭ᠎ᠠ ᠨᠤᠲᠤᠭ ᠲᠠᠭᠠᠨ ᠦᠯᠡᠳᠡᠵᠦ᠂ ᠠᠪᠤ ᠶᠢᠨ ᠢᠶᠠᠨ ᠪᠤᠤᠬᠢᠶ᠎ᠠ ᠶᠢ ᠵᠠᠯᠭᠠᠵᠦ᠂ ᠰᠢᠨ᠎ᠡ ᠴᠠᠭ ᠦᠶ᠎ᠡ ᠶᠢᠨ ᠲᠠᠷᠢᠶᠠᠴᠢᠨ ᠪᠣᠯᠵᠤ᠂ ᠨᠤᠲᠤᠭ ᠤᠨ ᠢᠶᠠᠨ ᠥᠷᠭᠡᠨ ᠠᠭᠤᠳᠠᠮ ᠬᠠᠷ᠎ᠠ ᠬᠥᠷᠥᠰᠥᠨ ᠳᠤ ᠬᠦᠴᠦ ᠬᠥᠯᠥᠰᠦ ᠪᠠᠨ ᠤᠷᠤᠰᠬᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠨᠤᠲᠤᠭ ᠤᠨ ᠠᠬ᠎ᠠ ᠳᠡᠭᠦᠦ ᠨᠠᠷ ᠢᠶᠠᠨ ᠳᠠᠭᠠᠭᠤᠯᠤᠨ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢ ᠶᠢᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠦᠢᠯᠡᠳᠦᠯᠭᠡᠵᠢᠭᠦᠯᠵᠡᠢ᠃     ᠰᠢᠨ᠎ᠡ ᠴᠠᠭ ᠦᠶ᠎ᠡ ᠶᠢᠨ ︽ᠰᠢᠨ᠎ᠡ ᠲᠠᠷᠢᠶᠠᠴᠢᠨ︾ ᠪᠣᠯᠤᠭᠰᠠᠨ ᠤ ᠬᠤᠪᠢ ᠳᠤ᠂ ᠳ᠋ᠦ᠋ ᠭᠠᠩ ᠰᠢᠨᠵᠢᠯᠡᠬᠦ ᠤᠬᠠᠭᠠᠨᠴᠢ ᠪᠠᠷ ᠲᠠᠷᠢᠶ᠎ᠠ ᠲᠠᠷᠢᠬᠤ ᠶᠢ ᠥᠪᠡᠷ ᠤᠨ ᠲᠤᠬᠠᠶᠢᠯᠠᠭᠰᠠᠨ ᠠᠵᠢᠯ ᠤᠨ ᠬᠥᠭᠡᠭᠡᠴᠡᠯᠳᠦᠯ ᠢᠶᠠᠨ ᠪᠣᠯᠭᠠᠪᠠ᠃ ᠬᠤᠷᠰᠢᠶ᠎ᠠ ᠪᠠᠶᠢᠭᠤᠯᠤᠭᠰᠠᠨ ᠤ ᠲᠠᠷᠠᠭ᠎ᠠ᠂ ᠲᠡᠷᠡ ᠭᠡᠰᠢᠭᠦᠳ ᠢᠶᠠᠨ ᠳᠠᠭᠠᠭᠤᠯᠤᠨ ᠲᠠᠷᠢᠵᠦ ᠤᠷᠭᠤᠭᠤᠯᠬᠤ ᠮᠡᠷᠭᠡᠵᠢᠯ ᠢᠶᠠᠨ ᠰᠠᠶᠢᠵᠢᠷᠠᠭᠤᠯᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠪᠠ᠃ 2023 ᠣᠨ ᠤ ᠡᠬᠢ ᠪᠠᠷ᠂ ᠵᠠᠯᠠᠶᠢᠳ ᠬᠤᠰᠢᠭᠤᠨ ᠳᠤ ᠬᠦᠢᠲᠡᠨ ᠠᠭᠤᠷ ᠠᠮᠢᠰᠬᠤᠯ ᠢᠯᠡᠷᠡᠭᠰᠡᠨ ᠦᠶ᠎ᠡ ᠳᠤ᠂ ᠠᠮᠤ ᠪᠤᠳᠠᠭᠠᠨ ᠤ ᠤᠨᠠᠯᠲᠠ ᠶᠢ ᠨᠥᠯᠥᠭᠡᠯᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠷᠰᠢᠶ᠎ᠠ ᠨᠢ ᠳᠣᠣᠷ᠎ᠠ ᠳᠤᠯᠠᠭᠠᠨ ᠳᠤ ᠰᠦᠯᠢᠶᠤᠤ ᠪᠦᠷᠬᠦᠪᠴᠢ ᠪᠦᠷᠬᠦᠬᠦ ᠵᠡᠷᠭᠡ ᠮᠡᠷᠭᠡᠵᠢᠯ ᠢ ᠬᠡᠷᠡᠭᠯᠡᠨ ᠡᠷᠳᠡᠨᠢ ᠰᠢᠰᠢ ᠪᠣᠯᠣᠨ ᠰᠢᠷ᠎ᠠ ᠪᠤᠷᠴᠠᠭ ᠤᠨ ᠤᠷᠭᠤᠯᠳᠠ ᠶᠢ ᠪᠠᠳᠤᠯᠠᠪᠠ᠃ ᠨᠠᠮᠤᠷ ᠤᠨ ᠤᠯᠠᠷᠢᠯ ᠳᠤ ᠤᠨᠠᠯᠲᠠ ᠶᠢ ᠬᠡᠮᠵᠢᠨ ᠪᠤᠳᠤᠬᠤ ᠦᠶ᠎ᠡ ᠳᠤ᠂ ᠳ᠋ᠦ᠋ ᠭᠠᠩ ᠤᠨ ᠳᠠᠷᠢᠭᠰᠠᠨ ᠡᠷᠳᠡᠨᠢ ᠰᠢᠰᠢ ᠪᠣᠯᠣᠨ ᠰᠢᠷ᠎ᠠ ᠪᠤᠷᠴᠠᠭ ᠤᠨ ᠤᠨᠠᠯᠲᠠ ᠨᠢ ᠴᠥᠮ ᠥᠩᠭᠡᠷᠡᠭᠰᠡᠨ ᠤ ᠲᠡᠮᠳᠡᠭᠯᠡᠯ ᠢᠶᠠᠨ ᠰᠢᠨᠡᠳᠬᠡᠭᠰᠡᠨ ᠢ ᠣᠯᠵᠤ ᠮᠡᠳᠡᠵᠡᠢ᠃ ᠡᠯᠪᠡᠭ ᠲᠤᠷᠰᠢᠯᠭ᠎ᠠ ᠪᠠ ᠰᠢᠷᠭᠠᠭᠤ ᠴᠢᠷᠮᠠᠶᠢᠯᠭ᠎ᠠ ᠪᠠᠷ ᠢᠶᠠᠨ ᠳ᠋ᠦ᠋ ᠭᠠᠩ ︽ᠲᠣᠮᠣ ᠤᠯᠤᠰ ᠤᠨ ᠲᠠᠷᠢᠶᠠᠨ ᠳᠠᠷᠬᠠᠨ︾ ᠪᠦᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ᠳᠤ ᠰᠢᠯᠢᠳᠡᠭ ᠱᠠᠩᠨᠠᠯ ᠬᠦᠷᠲᠡᠪᠡ᠂ ᠡᠨᠡ ᠨᠢ ᠮᠥᠨᠴᠦ ᠲᠡᠭᠦᠨ ᠳᠤ ᠤᠯᠭᠤᠬᠰᠠᠨ ᠬᠠᠮᠤᠭ ᠤᠨ ᠰᠠᠶᠢᠨ ᠬᠥᠬᠢᠭᠦᠯᠦᠯ ᠪᠣᠯᠣᠨ᠎ᠠ᠃     ᠳ᠋ᠦ᠋ ᠭᠠᠩ ᠤᠨ ᠳᠠᠭᠠᠭᠤᠯᠭ᠎ᠠ ᠪᠠᠷ᠂ ᠨᠤᠲᠤᠭ ᠤᠨ ᠠᠬ᠎ᠠ ᠳᠡᠭᠦᠦ ᠨᠠᠷ ᠤᠨ ᠬᠢᠨᠢ ᠤᠷᠤᠯᠭ᠎ᠠ ᠡᠳᠦᠷ ᠠᠴᠠ ᠡᠳᠦᠷ ᠨᠡᠮᠡᠭᠳᠡᠵᠦ᠂ ᠠᠮᠢᠳᠤᠷᠠᠯ ᠨᠢ ᠶᠠᠪᠤᠬᠤ ᠲᠤᠲᠤᠮ ᠥᠭᠡᠳᠡᠯᠡᠯ᠎ᠠ᠃ ᠳ᠋ᠦ᠋ ᠭᠠᠩ᠂ ᠤᠯᠠᠨ ᠤ ᠠᠮᠢᠳᠤᠷᠠᠯ ᠰᠠᠶᠢᠵᠢᠷᠠᠵᠤ᠂ ᠣᠷᠣᠨ ᠰᠠᠭᠤᠴᠠ ᠶᠢᠨ ᠣᠷᠴᠢᠨ ᠲᠣᠭᠤᠷᠢᠨ ᠰᠠᠶᠢᠵᠢᠷᠠᠪᠠᠯ ᠰᠠᠶ᠋ᠢ ᠨᠡᠩ ᠤᠯᠠᠨ ᠵᠠᠯᠠᠭᠤᠴᠤᠳ ᠲᠠᠷᠢᠶᠠᠯᠠᠩ ᠤᠨ ᠦᠢᠯᠡᠳᠪᠦᠷᠢᠯᠡᠯ ᠳᠤ ᠣᠷᠣᠯᠴᠠᠬᠤ ᠳᠤᠷᠠᠲᠠᠢ ᠪᠣᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠨᠡᠩ ᠪᠠᠲᠤᠯᠠᠭ᠎ᠠ ᠲᠠᠢ ᠪᠣᠯᠵᠤ ᠴᠢᠳᠠᠨ᠎ᠠ ᠭᠡᠵᠦ ᠬᠡᠯᠡᠨ᠎ᠡ᠃     ᠬᠠᠷ᠎ᠠ ᠬᠥᠷᠥᠰᠥᠨ ᠳᠤ ᠲᠦᠷᠦᠵᠦ ᠦᠰᠦᠭᠰᠡᠨ ᠳ᠋ᠦ᠋ ᠭᠠᠩ ᠨᠤᠲᠤᠭ ᠤᠰᠤᠨ ᠤ ᠪᠠᠨ ᠡᠨᠡ ᠬᠦ ᠬᠠᠷ᠎ᠠ ᠬᠥᠷᠥᠰᠥᠨ ᠳᠤ ᠮᠠᠰᠢ ᠬᠠᠶᠢᠷᠠᠲᠠᠢ᠂ ᠬᠠᠷ᠎ᠠ ᠬᠥᠷᠥᠰᠥᠨ ᠤ ᠬᠤᠪᠢᠷᠠᠯᠲᠠ ᠨᠢ ᠲᠡᠭᠦᠨ ᠤ ᠰᠡᠳᠬᠢᠯ ᠢ ᠴᠠᠭ ᠢᠮᠠᠭᠲᠠ ᠬᠤᠯᠪᠤᠵᠦ ᠪᠠᠶᠢᠳᠠᠭ᠃ ᠣᠶᠢᠷ᠎ᠠ ᠶᠢᠨ ᠵᠢᠯ ᠤᠳ ᠲᠤ᠂ ᠬᠠᠷ᠎ᠠ ᠬᠥᠷᠥᠰᠥ ︽ᠬᠤᠵᠢᠷᠳᠤᠬᠤ᠂ ᠬᠠᠲᠠᠭᠤᠷᠠᠬᠤ᠂ ᠨᠢᠮᠭᠡᠷᠡᠬᠦ︾ ᠦᠵᠡᠭᠳᠡᠯ ᠪᠠᠰᠠ ᠣᠷᠣᠰᠢᠵᠤ᠂ ᠬᠠᠷ᠎ᠠ ᠬᠥᠷᠥᠰᠥ ᠶᠢᠨ ᠢᠲᠡᠭᠲᠡᠯ ᠬᠦᠨᠳᠦ ᠨᠣᠴᠢᠲᠠᠢ ᠪᠣᠯᠵᠤ᠂ ᠬᠠᠷ᠎ᠠ ᠬᠥᠷᠥᠰᠥ ᠶᠢ ᠬᠠᠮᠠᠭᠠᠯᠠᠬᠤ ᠶᠠᠪᠤᠳᠠᠯ ᠪᠠᠴᠢᠮ ᠲᠤᠯᠭᠠᠮ ᠪᠣᠯᠵᠤ ᠪᠠᠶᠢᠨ᠎ᠠ᠃ ᠡᠶᠢᠮᠦ ᠠᠴᠠ᠂ ᠡᠨᠡ ᠵᠢᠯ ᠳ᠋ᠦ᠋ ᠭᠠᠩ ᠬᠠᠷ᠎ᠠ ᠬᠥᠷᠥᠰᠥ ᠶᠢᠨ ᠬᠠᠮᠠᠭᠠᠯᠠᠯᠲᠠ ᠶᠢ ᠨᠠᠩ ᠢᠯᠡᠭᠦᠦ ᠠᠩᠬᠠᠷᠬᠤ ᠪᠣᠯᠵᠠᠢ᠃ ᠪᠥᠬᠦ ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠲᠠᠰᠢᠷᠠᠮ ᠳᠤ ᠲᠡᠷᠡ ᠬᠠᠷ᠎ᠠ ᠬᠥᠷᠥᠰᠥ ᠶᠢ ᠬᠠᠮᠠᠭᠠᠯᠠᠬᠤ ᠲᠤᠬᠠᠢ ᠬᠤᠯᠪᠣᠭᠳᠠᠯ ᠪᠦᠬᠦᠢ ᠰᠠᠨᠠᠭᠤᠯᠭ᠎ᠠ ᠶᠢ ᠬᠤᠶᠠᠷ ᠬᠤᠷᠠᠯ ᠳᠤ ᠲᠡᠪᠰᠢᠬᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠢᠬᠤᠯᠠᠴᠢᠯᠠᠭ᠎ᠠ ᠪᠠ ᠳᠡᠮᠵᠢᠯᠭᠡ ᠶᠢ ᠣᠯᠬᠤ ᠶᠢ ᠬᠦᠰᠡᠵᠦ ᠪᠠᠶᠢᠯ᠎ᠠ᠃   ᠳ᠋ᠦ᠋ ᠭᠠᠩ᠄ ︽ᠠᠷᠠᠳ ᠢ ᠬᠠᠯᠠᠮᠵᠢᠯᠠᠵᠤ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠲᠤᠰᠬᠠᠬᠤ ᠪᠣᠯ ᠠᠷᠠᠳ ᠤᠨ ᠲᠥᠯᠥᠭᠡᠯᠡᠭᠴᠢ ᠶᠢᠨ ᠦᠨᠳᠦᠰᠦᠨ ᠡᠭᠦᠷᠭᠡ ᠬᠠᠷᠢᠭᠤᠴᠠᠯᠭ᠎ᠠ ᠪᠣᠯᠣᠨ᠎ᠠ᠂ ᠪᠢ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ︾ ᠭᠡᠵᠦ ᠢᠯᠡᠳᠬᠡᠪᠡ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号