ᠪᠤᠯᠭᠠᠨᠬᠤᠸᠠ ᠰᠤᠮᠤ ᠮᠠᠯᠴᠢᠨ ᠲᠠᠷᠢᠶᠠᠴᠢᠤᠨ ᠲᠤ ᠰᠢᠯᠢᠳᠡᠭ ᠦᠢᠯᠡᠴᠢᠯᠡᠭᠡ ᠬᠠᠩᠭᠠᠵᠦ ᠪᠤᠢ
ᠨᠡᠶᠢᠲᠡᠯᠡᠭᠰᠡᠨ ᠴᠠᠭ᠄
2024/4/10
     ᠤᠳᠤᠬᠠᠨ ᠳᠤ ᠪᠦᠬᠦ ᠠᠶᠢᠮᠠᠭ ᠤᠨ ᠮᠠᠯᠴᠢᠨ ᠲᠠᠷᠢᠶᠠᠴᠢᠤᠨ ᠲᠠᠷᠢᠶᠠᠯᠠᠩ ᠤᠨ ᠪᠡᠯᠡᠤᠡᠭᠡᠯ ᠠᠵᠢᠯ ᠪᠠ ᠲᠦᠯ ᠪᠤᠶᠢᠵᠢᠭᠤᠯᠬᠤ ᠶᠠᠭᠠᠷᠠᠯᠳᠠᠢ ᠬᠤᠭᠤᠴᠠᠭᠠᠨ ᠳᠤ ᠤᠷᠤᠨᠨᠰᠠᠨ ᠪᠠᠶᠢᠨ᠎ᠠ᠃ ︽ᠬᠤᠷᠠᠭ᠎ᠠ ᠢᠰᠢᠭᠡᠨ ᠤ ᠤᠨᠳᠤᠷᠤᠯᠲᠠ ᠶᠢᠨ ᠨᠣᠷᠮ᠎ᠠ 90% ᠠᠴᠠ ᠳᠡᠭᠡᠭᠰᠢ ᠪᠠᠶᠢᠵᠤ᠂ ᠡᠨᠡ ᠵᠢᠯ ᠪᠠᠷᠤᠭ 100 ᠭᠠᠷᠤᠢ ᠲᠦᠯ ᠲᠤᠰᠬᠤ ᠪᠤᠯᠤᠨ᠎ᠠ︾ ᠭᠡᠵᠦ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠪᠤᠯᠭᠠᠨᠬᠤᠸᠠ ᠭᠠᠴᠠᠭ᠎ᠠ ᠶᠢᠨ ᠠᠷᠠᠳ ᠴᠤᠯᠮᠤᠨ ᠪᠠᠶᠠᠷᠲᠠᠢ ᠬᠡᠯᠡᠪᠡ᠃      ᠲᠥᠯ ᠲᠤᠰᠴᠤ ᠪᠤᠶᠢᠵᠢᠭᠤᠯᠬᠤ ᠪᠣᠯ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠭᠤᠭᠴᠤᠭ᠎ᠠ ᠮᠥᠨ᠂ ᠮᠠᠯᠴᠢᠳ ᠤᠨ ᠬᠤᠷᠢᠶᠠᠯᠲᠠ ᠤᠯᠬᠤ ᠬᠦᠰᠡᠯ ᠡᠷᠡᠮᠡᠯᠵᠡᠯ ᠮᠥᠨ᠃ ᠪᠤᠯᠭᠠᠨᠬᠤᠸᠠ ᠰᠤᠮᠤ ᠤᠷᠢᠳᠴᠢᠯᠠᠨ ᠲᠥᠯᠥᠪᠵᠢᠭᠦᠯᠵᠦ᠂ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠡᠯ᠎ᠡ ᠭᠠᠴᠠᠭ᠎ᠠ ᠳᠤ ᠭᠦᠨᠵᠡᠭᠡᠶᠢᠷᠡᠨ ᠮᠠᠯᠵᠢᠬᠤ ᠲᠠᠷᠢᠶᠠᠯᠠᠬᠤ ᠡᠷᠦᠬᠡ ᠳᠤ ᠲᠡᠵᠢᠭᠡᠨ ᠠᠷᠠᠴᠢᠯᠠᠬᠤ ᠬᠠᠮᠢᠶᠠᠷᠤᠯᠲᠠ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠡᠪᠡᠰᠦ ᠪᠣᠷᠳᠤᠭ᠎ᠠ ᠶᠢ ᠲᠣᠬᠢᠷᠠᠭᠤᠯᠬᠤ ᠵᠡᠷᠭᠡ ᠦᠢᠯᠡᠴᠢᠯᠡᠭᠡ ᠬᠠᠩᠭᠠᠭᠰᠠᠨ ᠪᠠᠶᠢᠨ᠎ᠠ᠃      ︽ᠪᠥᠬᠦ ᠰᠤᠮᠤᠨ ᠤ ᠮᠢᠬᠠᠨ ᠬᠤᠨᠢᠨ ᠤ ᠲᠤᠭ᠎ᠠ 15.3 ᠲᠦᠮᠡ ᠪᠠᠶᠢᠵᠤ᠂ ᠵᠢᠱᠢᠯᠲᠡ ᠪᠠᠷ ᠡᠨᠡ ᠬᠠᠪᠤᠷ 5 ᠲᠦᠮᠡ ᠣᠷᠴᠢᠮ ᠲᠥᠯ ᠲᠤᠰᠬᠤ ᠪᠣᠯᠤᠨ᠎ᠠ᠃ ᠪᠢᠳᠡ ᠣᠯᠠᠨ ᠲᠦᠮᠡᠨ ᠤ ᠲᠥᠯ ᠲᠤᠰᠬᠤ ᠶᠠᠪᠤᠴᠠ ᠳᠤ ᠲᠣᠬᠢᠶᠠᠯᠳᠤᠭᠰᠠᠨ ᠡᠯ᠎ᠡ ᠵᠦᠢᠯ ᠤᠨ ᠠᠰᠠᠭᠤᠳᠠᠯ ᠢ ᠦᠷᠭᠦᠯᠵᠢᠯᠡᠨ ᠠᠩᠬᠠᠷᠴᠤ᠂ ᠮᠡᠷᠭᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠠ᠃ ᠣᠶᠢᠷ᠎ᠠ ᠳᠤ᠂ ᠪᠢᠳᠡ ᠮᠢᠬᠠᠨ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ︿ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠲᠡᠵᠢᠭᠡᠬᠦ ᠶᠢᠨ ᠲᠥᠯᠥᠭᠡ ᠳᠠᠷᠢᠬᠤ﹀ ᠮᠠᠯ ᠪᠡᠯᠴᠢᠭᠡᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠵᠠᠭᠪᠤᠷ ᠢ ᠳᠡᠯᠭᠡᠷᠡᠭᠦᠯᠵᠦ᠂ ᠠᠵᠤ ᠦᠢᠯᠡᠰ ᠢ ᠬᠦᠭᠵᠢᠭᠦᠯᠤᠨ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠦᠨ᠎ᠡ︾ ᠭᠡᠵᠦ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤᠨ ᠤ ᠮᠠᠯ ᠠᠵᠤ ᠠᠬᠤᠶ ᠶᠢᠨ ᠥᠷᠲᠡᠭᠡᠨ ᠤ ᠳᠠᠷᠤᠭ᠎ᠠ ᠯᠢᠦ ᠢᠦᠶ ᠴᠧᠩ ᠬᠡᠯᠡᠪᠡ᠃                                          ︵ᠰᠡᠴᠡᠨᠭᠡᠷᠡᠯ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号