| ᠬᠠᠪᠤᠷ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ ᠤᠮᠠᠷᠠᠲᠤ ᠣᠷᠣᠨ ᠳᠤ ᠡᠯᠡᠰᠦᠨ ᠰᠢᠭᠤᠷᠭ᠎ᠠ ᠶᠢᠨ ᠴᠠᠭ | ᠠᠭᠤᠷ ᠤᠯᠠᠨᠲᠠ ᠡᠭᠦᠰᠴᠦ᠂ ᠬᠦᠮᠦᠰ ᠤᠨ ᠡᠷᠡᠭᠦᠯ ᠮᠡᠨᠲᠦ ᠳᠤ ᠶᠡᠭᠡ ᠨᠦᠯᠦᠭᠡ ᠲᠤᠰᠬᠠᠯ ᠭᠠᠷᠪᠠ᠃ | ᠶᠠᠭᠤ ᠶᠢ ᠡᠯᠡᠰᠦᠨ ᠰᠢᠭᠤᠷᠭ᠎ᠠ ᠶᠢᠨ ᠴᠠᠭ ᠠᠭᠤᠷ ᠭᠡᠬᠦ ᠪᠤᠢ︖ | ᠮᠠᠨ ᠤ ᠤᠯᠤᠰ ᠤᠨ ︽ᠡᠯᠡᠰᠦᠨ ᠰᠢᠭᠤᠷᠭ᠎ᠠ ᠶᠢᠨ ᠴᠠᠭ ᠠᠭᠤᠷ ᠤᠨ ᠲᠠᠰ︾ ᠤᠨ ᠲᠣᠭᠲᠠᠭᠠᠯ ᠢ | ᠦᠨᠳᠦᠰᠦᠯᠡᠪᠡᠯ᠂ ᠡᠯᠡᠰᠦᠨ ᠰᠢᠭᠤᠷᠭ᠎ᠠ ᠶᠢᠨ ᠴᠠᠭ ᠠᠭᠤᠷ ᠭᠡᠳᠡᠭ ᠨᠢ ᠡᠯᠡᠰᠦᠨ ᠮᠥᠬᠦᠯᠢᠭ᠂ ᠲᠣᠭᠤᠰᠣ ᠰᠢᠷᠣᠶ | ᠠᠭᠠᠷ ᠲᠤ ᠬᠥᠪᠴᠦ᠂ ᠠᠭᠠᠷ ᠪᠤᠯᠠᠩᠭᠢᠷᠲᠤᠵᠤ᠂ ᠦᠵᠡᠭᠳᠡᠴᠡ ᠶᠢᠨ ᠬᠡᠮᠵᠢᠶ᠎ᠡ ᠪᠠᠭᠤᠷᠠᠭᠰᠠᠨ ᠴᠠᠭ ᠠᠭᠤᠷ ᠤᠨ | ᠦᠵᠡᠭᠳᠡᠯ ᠢ ᠵᠢᠭᠠᠨ᠎ᠠ᠃ ᠡᠯᠡᠰᠦᠨ ᠰᠢᠭᠤᠷᠭ᠎ᠠ ᠶᠢᠨ ᠴᠠᠭ ᠠᠭᠤᠷ ᠤᠨ ᠲᠠᠰ ᠢ ᠭᠤᠤᠯᠳᠠᠭᠤ ᠡᠯᠡᠰᠦᠨ ᠰᠢᠭᠤᠷᠭ᠎ᠠ | ᠳᠡᠭᠳᠡᠬᠦ ᠦᠶ᠎ᠡ ᠶᠢᠨ ᠦᠵᠡᠭᠳᠡᠴᠡ ᠶᠢᠨ ᠬᠢᠷᠢ ᠲᠦᠪᠰᠢᠨ ᠢᠶᠠᠷ ᠦᠨᠳᠦᠰᠦᠯᠡᠯ ᠪᠣᠯᠭᠠᠬᠤ ᠶᠢᠨ ᠬᠠᠮᠲᠤ ᠰᠠᠯᠬᠢᠨ ᠤ | ᠬᠦᠴᠤᠨ ᠤ ᠶᠡᠭᠡ ᠪᠠᠭ᠎ᠠ ᠪᠠᠷ ᠯᠠᠪᠯᠠᠯᠲᠠ ᠪᠣᠯᠭᠠᠨ ᠬᠤᠪᠢᠶᠠᠷᠢᠯᠠᠵᠦ᠂ ᠭᠤᠤᠯᠳᠠᠭᠤ ᠲᠣᠭᠤᠰᠣ ᠳᠡᠭᠳᠡᠬᠦ᠂ ᠡᠯᠡᠰᠦ | ᠳᠡᠭᠳᠡᠬᠦ᠂ ᠡᠯᠡᠰᠦᠨ ᠰᠢᠭᠤᠷᠭ᠎ᠠ᠂ ᠴᠢᠩᠭ᠎ᠠ ᠡᠯᠡᠰᠦᠨ ᠰᠢᠭᠤᠷᠭ᠎ᠠ᠂ ᠣᠨᠴᠠ ᠴᠢᠩᠭ᠎ᠠ ᠡᠯᠡᠰᠦᠨ ᠰᠢᠭᠤᠷᠭ᠎ᠠ ᠭᠡᠵᠦ | ᠲᠠᠪᠤᠨ ᠳᠡᠰ ᠬᠤᠪᠢᠶᠠᠨ᠎ᠠ᠃ | ᠡᠯᠡᠰᠦᠨ ᠰᠢᠭᠤᠷᠭ᠎ᠠ ᠨᠢ ᠡᠷᠡᠭᠦᠯ ᠮᠡᠨᠳᠦ ᠳᠤ ᠶᠠᠮᠠᠷ ᠬᠤᠤᠷ ᠬᠥᠨᠥᠭᠡᠯ ᠲᠠᠢ ᠪᠣᠶ︖ | ᠡᠯᠡᠰᠦᠨ ᠰᠢᠭᠤᠷᠭ᠎ᠠ ᠳᠡᠭᠳᠡᠬᠦ ᠦᠶᠡᠰ᠂ ᠡᠯᠡᠰᠦ ᠲᠣᠭᠤᠰᠣ ᠳᠤᠮᠳᠠᠬᠢ ᠪᠣᠬᠢᠷᠲᠤᠯ ᠪᠣᠳᠠᠰ ᠨᠢ ᠬᠥᠮᠥᠨ ᠤ | ᠨᠢᠳᠦ᠂ ᠬᠠᠮᠠᠷ᠂ ᠬᠤᠭᠤᠯᠠᠢ ᠵᠡᠷᠭᠡ ᠰᠠᠯᠢᠰᠤᠲᠤ ᠪᠦᠷᠬᠦᠪᠴᠢ ᠶᠢᠨ ᠨᠡᠬᠡᠳᠡᠰᠦ ᠵᠢᠴᠢ ᠠᠷᠠᠰᠤ ᠪᠠᠷ ᠳᠡᠮᠵᠢᠨ᠂ | ᠬᠥᠮᠦᠨ ᠤ ᠪᠡᠶ᠎ᠡ ᠳᠤ ᠰᠢᠭᠤᠳ ᠠᠳᠠᠯᠢ ᠪᠤᠰᠤ ᠬᠡᠮᠵᠢᠶᠡᠨ ᠤ ᠰᠡᠳᠡᠯᠲᠡ ᠥᠭᠬᠦ ᠪᠤᠶᠤ ᠬᠠᠷᠰᠢᠮᠠᠲᠠᠭᠠᠶ ᠤᠷᠪᠠᠯ | ᠡᠭᠦᠰᠭᠡᠵᠦ᠂ ᠪᠠᠰᠠ ᠵᠢᠷᠦᠬᠡ ᠴᠢᠰᠤᠨ ᠰᠤᠳᠠᠯ᠂ ᠠᠮᠢᠰᠬᠤᠯ ᠤᠨ ᠰᠢᠰᠲ᠋ᠧᠮ᠂ ᠲᠥᠪ ᠮᠡᠳᠡᠷᠡᠯ ᠤᠨ ᠰᠢᠰᠲ᠋ᠧᠮ | ᠪᠣᠯᠤᠨ ᠡᠭᠡᠯᠢᠯᠡᠭᠡ ᠶᠢᠨ ᠰᠢᠰᠲ᠋ᠧᠮ ᠤᠨ ᠡᠪᠡᠳᠴᠢᠨ ᠡᠮᠭᠡᠭ ᠢ ᠡᠭᠦᠰᠭᠡᠵᠦ᠂ ᠬᠥᠮᠦᠨ ᠤ ᠪᠡᠶ᠎ᠡ ᠶᠢᠨ ᠡᠷᠡᠭᠦᠯ ᠮᠡᠨᠳᠦ ᠶᠢ | ᠨᠥᠯᠥᠭᠡᠯᠡᠳᠡᠭ᠃ ᠡᠭᠦᠨ ᠠᠴᠠ ᠭᠠᠳᠠᠨ᠎ᠠ᠂ ᠡᠯᠡᠰᠦᠨ ᠰᠢᠭᠤᠷᠭ᠎ᠠ ᠳᠡᠭᠳᠡᠬᠦ ᠦᠶᠡᠰ᠂ ᠠᠭᠠᠷ ᠭᠠᠩ ᠬᠠᠭᠤᠷᠠᠶ ᠠᠴᠠ | ᠪᠣᠯᠵᠤ ᠠᠮᠠᠷᠬᠠᠨ ᠤᠷᠤᠭᠤᠯ ᠬᠠᠭᠠᠷᠠᠬᠤ᠂ ᠬᠠᠮᠠᠷ ᠪᠠ ᠬᠤᠭᠤᠯᠠᠶ ᠵᠠᠭᠠᠲᠤᠨᠠᠬᠤ ᠵᠡᠷᠭᠡ ᠪᠠᠶᠢᠳᠠᠯ ᠭᠠᠷᠳᠠᠭ᠃ | ᠶᠠᠮᠠᠷ ᠬᠥᠮᠦᠰ ᠡᠯᠡᠰᠦᠨ ᠰᠢᠭᠤᠷᠭ᠎ᠠ ᠳᠤ ᠰᠡᠷᠭᠡᠭ ᠪᠠᠶᠢᠳᠠᠭ ᠪᠣᠶ︖ | ᠨᠠᠰᠤᠲᠠᠶᠢᠴᠤᠳ᠂ ᠬᠡᠦᠬᠡᠳ᠂ ᠵᠢᠷᠮᠦᠰᠦᠨ ᠪᠦᠰᠡᠭᠦᠢ᠂ ᠠᠮᠢᠰᠬᠤᠯ ᠤᠨ ᠰᠢᠰᠲ᠋ᠧᠮ ᠤᠨ ᠡᠪᠡᠳᠴᠢᠨ ᠵᠢᠴᠢ | ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ ᠬᠥᠮᠦᠰ ᠡᠯᠡᠰᠦᠨ ᠰᠢᠭᠤᠷᠭ᠎ᠠ ᠳᠤ ᠨᠡᠩ ᠰᠡᠷᠭᠡᠭ ᠪᠠᠶᠢᠳᠠᠭ᠃ | ᠡᠯᠡᠰᠦᠨ ᠰᠢᠭᠤᠷᠭ᠎ᠠ ᠳᠡᠭᠳᠡᠬᠦ ᠦᠶᠡᠰ᠂ ᠡᠳᠡᠭᠡᠷ ᠬᠥᠮᠦᠰ ᠠᠯᠢ ᠴᠢᠳᠠᠬᠤ ᠪᠠᠷ ᠭᠠᠳᠠᠭᠰᠢ ᠭᠠᠷᠬᠤ ᠠᠴᠠ | ᠵᠠᠶᠢᠯᠠᠰᠭᠢᠵᠦ᠂ ᠬᠡᠷᠪᠡ ᠤᠳᠠᠭᠠᠨ ᠴᠢᠨᠠᠷᠲᠠᠶ ᠬᠠᠨᠢᠶᠠᠬᠤ ᠪᠤᠶᠤ ᠴᠡᠷ ᠲᠠᠢ ᠬᠠᠨᠢᠶᠠᠬᠤ᠂ ᠠᠮᠢᠰᠬᠤᠯ ᠴᠢᠬᠤᠯᠳᠠᠬᠤ᠂ | ᠴᠡᠭᠡᠵᠢ ᠡᠪᠡᠳᠬᠦ ᠪᠠᠶᠢᠳᠠᠯ ᠢᠯᠡᠷᠡᠪᠡᠯ ᠠᠯᠢ ᠲᠦᠷᠭᠡᠨ ᠢᠶᠠᠷ ᠡᠮᠨᠡᠭᠦᠯᠬᠦ ᠬᠡᠷᠡᠭᠲᠡᠶ᠃ ᠡᠭᠦᠨ ᠠᠴᠠ ᠭᠠᠳᠠᠨ᠎ᠠ᠂ | ᠠᠵᠢᠯ ᠤᠨ ᠬᠡᠷᠡᠭᠴᠡᠭᠡ ᠠᠴᠠ ᠪᠣᠯᠵᠤ ᠡᠷᠬᠡᠪᠰᠢ ᠭᠡᠷ ᠤᠨ ᠭᠠᠳᠠᠨ᠎ᠠ ᠠᠵᠢᠯᠯᠠᠳᠠᠭ ᠬᠥᠮᠦᠰ᠂ ᠵᠢᠱᠢᠶᠡᠯᠡᠪᠡᠯ ᠵᠠᠮ | ᠬᠠᠷᠢᠯᠴᠠᠭᠠᠨ ᠤ ᠴᠠᠭᠳᠠᠭ᠎ᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠪᠠᠷᠢᠯᠭ᠎ᠠ ᠶᠢᠨ ᠠᠵᠢᠯᠴᠢᠨ | ᠵᠡᠷᠭᠡ ᠬᠥᠮᠥᠰ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠃ | ︵︽ᠦᠪᠤᠷ ᠮᠤᠩᠭᠤᠯ ᠤᠨ ᠡᠳᠦᠷ ᠤᠨ ᠰᠤᠨᠢᠨ︾ ᠠᠴᠠ ᠰᠢᠯᠵᠢᠭᠦᠯᠪᠡ︶ |