| ᠣᠶᠢᠷ᠎ᠠ ᠳᠤ᠂ ᠵᠠᠯᠠᠶᠢᠳ ᠬᠤᠰᠢᠭᠤᠨ ᠤ ᠬᠢᠨ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠴᠡᠭ ᠠᠴᠠ ᠴᠡᠭ | ᠲᠤ ᠬᠦᠷᠭᠡᠬᠦ ᠬᠥᠳᠡᠯᠮᠦᠷᠢ ᠬᠦᠴᠦᠨ ᠤ ᠭᠠᠷᠭᠠᠯᠭ᠎ᠠ ᠶᠢᠨ ᠬᠥᠯᠥᠰᠥᠨ ᠠᠵᠢᠯᠴᠢᠨ ᠢ ᠦᠳᠡᠨ ᠮᠣᠷᠳᠠᠭᠤᠯᠬᠤ ᠶᠣᠰᠣᠯᠠᠯ | ᠶᠠᠪᠤᠭᠤᠯᠵᠤ᠂ 42 ᠬᠥᠯᠥᠰᠥᠨ ᠠᠵᠢᠯᠴᠢᠨ ᠰᠦᠢᠳᠭᠡᠯ ᠲᠤᠰᠢᠶᠠᠬᠤ ᠥᠬᠡᠶ ᠪᠠᠷ ︽ᠤᠷᠢᠬᠠᠨ ᠰᠠᠯᠬᠢᠨ ᠤ | ᠠᠵᠢᠯᠯᠠᠭ᠎ᠠ︾ ᠶᠢᠨ ᠴᠡᠭ ᠠᠴᠠ ᠴᠡᠭ ᠲᠤ ᠬᠦᠷᠭᠡᠬᠦ ᠬᠥᠯᠥᠰᠥᠨ ᠠᠵᠢᠯᠴᠢᠨ ᠤ ᠰᠢᠭᠤᠳ ᠨᠡᠪᠲᠡᠷᠡᠬᠦ ᠲᠡᠷᠭᠡᠨ ᠳᠤ | ᠰᠠᠭᠤᠵᠤ ᠪᠡᠭᠡᠵᠢᠩ ᠳᠤ ᠬᠦᠷᠴᠦ ᠬᠥᠯᠥᠰᠥᠨ ᠠᠵᠢᠯ ᠬᠢᠵᠦ᠂ ︽ᠬᠡᠷ ᠠᠴᠠ ᠪᠠᠨ ᠭᠠᠷᠪᠠᠯ ᠲᠡᠷᠭᠡᠨ ᠳᠤ ᠭᠠᠷᠴᠤ᠂ | ᠲᠡᠷᠭᠡᠨ ᠠᠴᠠ ᠪᠠᠨ ᠪᠠᠭᠤᠪᠠᠯ ᠦᠢᠯᠡᠳᠪᠤᠷᠢ ᠳᠤ ᠣᠷᠣᠬᠤ︾ ᠶᠢ ᠪᠡᠶᠡᠯᠡᠭᠦᠯᠵᠡᠶ᠃ | ︽ᠨᠢᠳᠤᠨᠤᠨ ᠪᠢ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠤᠪᠴᠢᠶᠠᠨ ᠤ ᠵᠣᠬᠢᠶᠠᠨ ᠪᠠᠶᠢᠭᠤᠯᠤᠭᠰᠠᠨ ᠴᠡᠭ ᠠᠴᠠ ᠴᠡᠭ ᠲᠤ ᠬᠦᠷᠭᠡᠬᠦ ᠬᠥᠯᠥᠰᠥᠨ ᠠᠵᠢᠯᠴᠢᠨ ᠤ ᠰᠢᠭᠤᠳ | ᠨᠡᠪᠲᠡᠷᠡᠬᠦ ᠲᠡᠷᠭᠡ ᠪᠠᠷ ᠪᠡᠭᠡᠵᠢᠩ ᠤᠨ ᠱᠢ ᠨᠠᠢ ᠳ᠋ᠧ ᠳᠤᠮᠳᠠ ᠳᠣᠣᠷ᠎ᠠ ᠬᠦᠴᠦᠳᠡᠯᠲᠦ ᠴᠠᠬᠢᠯᠭᠠᠨ ᠤ ᠬᠢᠵᠠᠭᠠᠷᠲᠤ | ᠺᠣᠮᠫᠠᠨᠢ ᠳᠤ ᠠᠵᠢᠯᠯᠠᠪᠠ᠂ ᠡ᠊ᠨᠳᠡ ᠢᠳᠡᠵᠦ ᠤᠤᠭᠤᠬᠤ ᠬᠤᠨᠤᠵᠤ ᠬᠡᠪᠳᠡᠬᠦ ᠶᠢ ᠳᠠᠭᠠᠭᠠᠴᠢᠯᠠᠵᠤ᠂ ᠰᠠᠷ᠎ᠠ ᠶᠢᠨ | ᠴᠠᠯᠢᠩ 5500 ᠲᠥᠭᠦᠷᠢᠭ ᠲᠤ ᠬᠦᠷᠴᠡᠢ᠂ ᠪᠢ ᠡ᠊ᠨᠳᠡ ᠠᠵᠢᠯᠯᠠᠭᠠᠳ ᠨᠢᠭᠡᠨᠲᠡ 11 ᠰᠠᠷ᠎ᠠ ᠪᠣᠯᠤᠯ᠎ᠠ᠂ 6 | ᠲᠦᠮᠡ ᠭᠠᠷᠤᠢ ᠲᠥᠭᠦᠷᠢᠭ ᠤᠨ ᠤᠷᠤᠯᠭ᠎ᠠ ᠣᠯᠵᠠᠢ᠂ ᠪᠢ ᠦᠨᠡᠬᠡᠷ ᠪᠠᠶᠠᠷᠯᠠᠵᠤ ᠪᠠᠶᠢᠨ᠎ᠠ᠂ ᠴᠠᠯᠢᠩ ᠢ ᠰᠠᠷ᠎ᠠ ᠪᠦᠷᠢ | ᠴᠠᠭ ᠲᠠᠭᠠᠨ ᠦᠭᠴᠦ ᠪᠠᠶᠢᠨ᠎ᠠ᠂ ᠣᠨᠴᠠᠭᠠᠢ ᠰᠠᠨᠠᠭ᠎ᠠ ᠠᠮᠤᠷ᠂ ᠬᠤᠰᠢᠭᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠳᠤ ᠦᠨᠡᠬᠡᠷ ᠲᠠᠯᠠᠷᠬᠠᠵᠤ ᠪᠠᠶᠢᠨ᠎ᠠ︾ ᠭᠡᠵᠦ ᠠᠵᠤ | ᠠᠬᠤᠶᠢᠯᠠᠯ ᠳᠤ ᠠᠵᠢᠯ ᠬᠢᠵᠦ ᠪᠠᠶᠢᠭ᠎ᠠ ᠶᠠᠨ ᠳ᠋ᠦᠩ ᠾᠧ ᠰᠤᠷᠪᠤᠯᠵᠢᠯᠠᠭᠴᠢ ᠳᠤ ᠬᠡᠯᠡᠪᠡ᠃ | ᠬᠥᠯᠥᠰᠥᠨ ᠠᠵᠢᠯ ᠬᠢᠭᠰᠡᠳ ᠤᠨ ᠠᠮᠤᠷ ᠲᠦᠪᠰᠢᠨ ᠡᠮᠬᠢ ᠳᠢᠭᠯᠢᠮ ᠲᠠᠢ ᠶᠠᠪᠤᠵᠤ ᠰᠠᠭᠤᠬᠤ᠂ ᠠᠵᠢᠯ ᠤᠨ | ᠪᠠᠶᠢᠷᠢ ᠳᠤ ᠤᠷᠤᠭᠰᠢᠲᠠᠶ ᠭᠠᠷᠬᠤ ᠶᠢ ᠪᠠᠲᠤᠯᠠᠬᠤ ᠶᠢᠨ ᠲᠥᠯᠥᠭᠡ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠰᠢᠯᠵᠢᠭᠦᠯᠦᠨ ᠭᠠᠷᠭᠠᠬᠤ ᠬᠡᠯᠪᠡᠷᠢ ᠪᠠᠷ᠂ | ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠬᠥᠮᠦᠨ ᠤ ᠲᠤᠭ᠎ᠠ ᠶᠢ ᠦᠨᠳᠦᠰᠦᠯᠡᠨ ᠲᠤᠰᠬᠠᠶ ᠳᠡᠷᠭᠡ ᠲᠤᠬᠢᠷᠠᠭᠤᠯᠬᠤ | ᠪᠠ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠲᠥᠰᠦᠯ ᠢ ᠵᠣᠬᠢᠰᠲᠠᠶ ᠲᠣᠭᠲᠠᠭᠠᠵᠤ᠂ ᠠᠵᠢᠯᠯᠠᠭᠠᠨ ᠤ ᠵᠠᠮ | ᠱᠤᠭᠤᠮ᠂ ᠵᠢᠯᠣᠭᠤᠴᠢ ᠶᠢᠨ ᠲᠣᠬᠢᠷᠠᠭᠤᠯᠤᠯᠲᠠ ᠪᠠ ᠠᠮᠤᠷ ᠲᠦᠪᠰᠢᠨ ᠢᠶᠠᠷ ᠠᠵᠢᠯᠯᠠᠬᠤ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠤᠨ᠂ ᠲᠤᠰᠬᠠᠶ ᠲᠡᠷᠭᠡᠨ ᠳᠤ ᠰᠠᠭᠤᠵᠤ ᠰᠢᠭᠤᠳ ᠠᠵᠢᠯ ᠬᠥᠳᠡᠯᠮᠦᠷᠢ ᠬᠢᠬᠦ ᠨᠢᠭᠡᠴᠢ ᠳᠤ ᠬᠦᠷᠴᠦ᠂ | ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠬᠥᠮᠦᠰ ᠤᠨ ᠠᠵᠢᠯ ᠤᠯᠬᠤ ᠭᠠᠵᠠᠷ ᠲᠠᠢ᠂ ᠠᠵᠢᠯ ᠬᠥᠳᠡᠯᠮᠦᠷᠢ ᠬᠢᠬᠦ | ᠠᠷᠭ᠎ᠠ ᠵᠠᠮ ᠲᠠᠢ᠂ ᠡᠷᠬᠡ ᠠᠰᠢᠭ ᠤᠨ ᠪᠠᠲᠤᠯᠠᠭ᠎ᠠ ᠲᠠᠢ ᠪᠠᠶᠢᠬᠤ ᠶᠢ ᠪᠠᠲᠤᠯᠠᠨ᠎ᠠ᠃ | ᠵᠠᠯᠠᠶᠢᠳ ᠬᠤᠰᠢᠭᠤ ᠨᠢ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠰᠢᠭᠤ ᠪᠣᠯᠤᠭᠰᠠᠨ ᠤ ᠬᠤᠪᠢ ᠳᠤ᠂ | ᠮᠥᠨ ᠴᠦ ᠬᠥᠳᠡᠯᠮᠦᠷᠢ ᠬᠦᠴᠦᠨ ᠤ ᠭᠠᠷᠭᠠᠯᠭ᠎ᠠ ᠶᠢᠨ ᠲᠣᠮᠣ ᠬᠤᠰᠢᠭᠤ ᠪᠣᠯᠤᠨ᠎ᠠ᠃ ᠬᠥᠳᠡᠭᠡ ᠲᠣᠰᠬᠤᠨ ᠤ | ᠬᠥᠳᠡᠯᠮᠦᠷᠢ ᠬᠦᠴᠦᠨ ᠢ ᠭᠠᠷᠭᠠᠵᠤ ᠪᠤᠯᠬᠤ ᠶᠢ ᠨᠢ ᠪᠦᠬᠦᠨ ᠢ ᠭᠠᠷᠭᠠᠵᠤ᠂ ᠰᠢᠯᠵᠢᠭᠦᠯᠵᠦ ᠪᠤᠯᠬᠤ ᠶᠢ ᠨᠢ ᠪᠦᠬᠦᠨ ᠢ | ᠰᠢᠯᠵᠢᠬᠦᠯᠵᠦ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠤᠨ ᠪᠠᠶᠢᠷᠢ ᠶᠢ ᠥᠷᠭᠡᠳᠬᠡᠬᠦ ᠳᠡᠭᠡᠷ᠎ᠡ | ᠲᠠᠰᠤᠷᠠᠯᠲᠠ ᠦᠭᠡᠶ ᠬᠦᠴᠦ ᠲᠠᠯᠪᠢᠵᠤ᠂ ᠣᠷᠣᠨ ᠪᠦᠰᠡ ᠶᠢᠨ ᠭᠠᠳᠠᠨᠠᠬᠢ ᠠᠵᠢᠯᠴᠢᠨ ᠬᠡᠷᠡᠭᠯᠡᠬᠦ ᠠᠷᠭ᠎ᠠ ᠵᠠᠮ ᠢ | ᠥᠷᠭᠡᠳᠬᠡᠵᠦ᠂ ︽ᠨᠠᠷᠢᠯᠢᠬᠵᠢᠭᠤᠯᠬᠤ︾ ᠵᠣᠬᠢᠶᠠᠨ ᠪᠠᠶᠢᠭᠤᠯᠤᠯᠲᠠ᠂ ︽ᠨᠢᠭᠡ ᠥᠷᠲᠡᠭᠡᠴᠢᠯᠡᠬᠦ ᠮᠠᠶ᠋ᠢᠭ︾ ᠤᠨ | ᠦᠢᠯᠡᠴᠢᠯᠡᠭᠡ᠂ ︽ᠴᠡᠭ ᠠᠴᠠ ᠴᠡᠭ ᠲᠤ ᠬᠦᠷᠭᠡᠬᠦ︾ ᠵᠡᠷᠭᠡ ᠪᠠᠷ ᠳᠠᠮᠵᠢᠭᠤᠯᠤᠨ᠂ ᠪᠡᠭᠡᠵᠢᠩ᠂ ᠬᠠᠷᠠᠮᠥ᠋ᠷᠡᠨ᠂ | ᠾᠧᠪᠸᠢ᠂ ᠭᠢᠷᠢᠨ᠂ ᠭᠤᠸᠠᠩᠳᠦ᠋ᠩ᠂ ᠵᠧᠵᠢᠶᠠᠩ ᠵᠡᠷᠭᠡ ᠣᠷᠣᠨ ᠪᠦᠰᠡ ᠶᠢᠨ ᠭᠠᠳᠠᠨᠠᠬᠢ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠠᠵᠢᠯᠴᠢᠨ ᠬᠡᠷᠡᠭᠯᠡᠬᠦ ᠠᠵᠤ | ᠠᠬᠤᠶᠢᠯᠠᠯ ᠯᠤᠭ᠎ᠠ ᠬᠥᠳᠡᠯᠮᠦᠷᠢ ᠦᠢᠯᠡᠴᠢᠯᠡᠭᠡ ᠪᠠᠨ ᠵᠣᠯᠭᠠᠭᠤᠯᠬᠤ ᠠᠵᠢᠯ ᠢ ᠢᠳᠡᠪᠬᠢᠲᠡᠶ ᠴᠢᠩᠭᠠᠳᠬᠠᠵᠤ᠂ | ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠲᠣᠮᠣ ᠰᠠᠭᠤᠳᠠᠯ ᠤᠨ ᠮᠠᠰᠢᠨ ᠤ ᠲᠤᠰᠬᠠᠶ ᠲᠡᠷᠭᠡᠨ ᠳᠤ | ᠰᠠᠭᠤᠬᠤ ᠬᠥᠮᠦᠰ ᠠᠴᠠ ᠰᠦᠢᠳᠭᠡᠯ ᠬᠤᠷᠢᠶᠠᠬᠤ ᠥᠬᠡᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ︽ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ︾ ᠶᠡᠷᠦᠩᠬᠡᠶ ᠬᠥᠭ ᠠᠶᠠᠰ ᠢ ᠪᠠᠲᠤ ᠡᠵᠡᠮᠳᠡᠵᠦ᠂ ︽ᠬᠤᠶᠠᠷ ᠶᠡᠭᠡ | ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤᠨ ᠶᠡᠭᠡ ᠠᠵᠢᠯᠯᠠᠭᠠᠨ ᠤ | ᠲᠥᠯᠥᠪᠯᠡᠭᠡ︾ ᠶᠢ ᠭᠦᠨᠵᠡᠭᠡᠶ ᠪᠥᠭᠡᠳ ᠪᠣᠳᠠᠲᠠᠶᠢᠵᠢᠭᠤᠯᠵᠤ᠂ ᠨᠠᠩ ᠣᠯᠠᠨ ᠬᠥᠭᠵᠢᠭᠰᠡᠨ ᠮᠤᠵᠢ ᠬᠤᠲᠠ ᠲᠠᠢ | ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠣᠭᠲᠠᠴᠠ ᠪᠠᠶᠢᠭᠤᠯᠬᠤ ᠶᠢ ᠰᠦᠪᠡᠭᠴᠢᠯᠡᠨ᠂ ᠬᠥᠳᠡᠯᠮᠦᠷᠢ | ᠦᠢᠯᠡᠴᠢᠯᠡᠭᠡ ᠶᠢ ᠭᠠᠳᠠᠭᠰᠢ ᠭᠠᠷᠭᠠᠬᠤ ᠠᠵᠢᠯ ᠢ ᠵᠣᠬᠢᠶᠠᠨ ᠪᠠᠶᠢᠭᠤᠯᠤᠯᠲᠠ ᠲᠠᠢ ᠪᠠᠷ ᠢᠳᠡᠪᠬᠢᠲᠡᠶ ᠥᠷᠨᠢᠭᠦᠯᠵᠦ᠂ | ᠠᠵᠢᠯ ᠣᠯᠭᠤᠬᠤ ᠪᠠ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠰᠠᠭᠤᠭᠠᠯᠢ | ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠣᠳᠣᠬᠠᠨ ᠳᠤ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢᠭᠡᠨᠲᠡ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ᠂ | ᠵᠧᠵᠢᠶᠠᠩ ᠮᠤᠵᠢ ᠶᠢᠨ ᠬᠠᠩᠵᠧᠦ ᠬᠤᠲᠠ ᠵᠡᠷᠭᠡ ᠭᠠᠵᠠᠷ ᠲᠠᠢ 4 ᠬᠥᠳᠡᠯᠮᠦᠷᠢ ᠦᠢᠯᠡᠴᠢᠯᠡᠭᠡᠨ ᠤ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ 1100 ᠭᠠᠷᠤᠶ ᠬᠥᠮᠦᠨ ᠢ ᠰᠢᠭᠤᠳ ᠪᠤᠶᠤ ᠳᠠᠮ ᠢᠶᠠᠷ ᠬᠠᠪᠰᠤᠷᠤᠨ | ᠲᠡᠳᠬᠦᠵᠦ ᠠᠵᠢᠯ ᠣᠯᠭᠤᠭᠰᠠᠨ ᠪᠠᠶᠢᠨ᠎ᠠ᠃ ᠡᠨᠡ ᠵᠢᠯ ᠮᠠᠯᠴᠢᠨ ᠲᠠᠷᠢᠶᠠᠴᠢᠨ ᠢ 2 ᠲᠦᠮᠡ ᠠᠴᠠ ᠳᠡᠭᠡᠭᠰᠢ | ᠰᠢᠯᠵᠢᠭᠦᠯᠦᠨ ᠠᠵᠢᠯ ᠣᠯᠭᠤᠵᠤ᠂ ᠬᠥᠳᠡᠯᠮᠦᠷᠢ ᠬᠦᠴᠦᠨ ᠢ 200 ᠬᠥᠮᠦᠨ ︵ᠤᠳᠠᠭ᠎ᠠ︶ ᠠᠴᠠ ᠳᠡᠭᠡᠭᠰᠢ ︽ᠴᠡᠭ | ᠠᠴᠠ ᠴᠡᠭ ᠲᠤ ᠬᠦᠷᠭᠡᠬᠦ︾ ᠪᠠᠷ ᠲᠥᠯᠥᠪᠯᠡᠵᠦ ᠪᠠᠶᠢᠨ᠎ᠠ᠃ |