ᠬᠥᠳᠡᠯᠮᠦᠷᠢ ᠬᠦᠴᠦᠨ ᠤ ᠭᠠᠷᠭᠠᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠪᠠᠶᠢᠭ᠎ᠠ ᠵᠠᠯᠠᠶᠢᠳ ᠬᠤᠰᠢᠭᠤ
ᠨᠡᠶᠢᠲᠡᠯᠡᠭᠰᠡᠨ ᠴᠠᠭ᠄
2024/4/11
   ᠣᠶᠢᠷ᠎ᠠ ᠳᠤ᠂ ᠵᠠᠯᠠᠶᠢᠳ ᠬᠤᠰᠢᠭᠤᠨ ᠤ ᠬᠢᠨ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠴᠡᠭ ᠠᠴᠠ ᠴᠡᠭ  ᠲᠤ ᠬᠦᠷᠭᠡᠬᠦ ᠬᠥᠳᠡᠯᠮᠦᠷᠢ ᠬᠦᠴᠦᠨ ᠤ ᠭᠠᠷᠭᠠᠯᠭ᠎ᠠ ᠶᠢᠨ ᠬᠥᠯᠥᠰᠥᠨ ᠠᠵᠢᠯᠴᠢᠨ ᠢ ᠦᠳᠡᠨ ᠮᠣᠷᠳᠠᠭᠤᠯᠬᠤ ᠶᠣᠰᠣᠯᠠᠯ ᠶᠠᠪᠤᠭᠤᠯᠵᠤ᠂ 42 ᠬᠥᠯᠥᠰᠥᠨ ᠠᠵᠢᠯᠴᠢᠨ ᠰᠦᠢᠳᠭᠡᠯ ᠲᠤᠰᠢᠶᠠᠬᠤ ᠥᠬᠡᠶ ᠪᠠᠷ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠴᠡᠭ ᠠᠴᠠ ᠴᠡᠭ ᠲᠤ ᠬᠦᠷᠭᠡᠬᠦ ᠬᠥᠯᠥᠰᠥᠨ ᠠᠵᠢᠯᠴᠢᠨ ᠤ ᠰᠢᠭᠤᠳ ᠨᠡᠪᠲᠡᠷᠡᠬᠦ ᠲᠡᠷᠭᠡᠨ ᠳᠤ ᠰᠠᠭᠤᠵᠤ ᠪᠡᠭᠡᠵᠢᠩ ᠳᠤ ᠬᠦᠷᠴᠦ ᠬᠥᠯᠥᠰᠥᠨ ᠠᠵᠢᠯ ᠬᠢᠵᠦ᠂ ︽ᠬᠡᠷ ᠠᠴᠠ ᠪᠠᠨ ᠭᠠᠷᠪᠠᠯ ᠲᠡᠷᠭᠡᠨ ᠳᠤ ᠭᠠᠷᠴᠤ᠂ ᠲᠡᠷᠭᠡᠨ ᠠᠴᠠ ᠪᠠᠨ ᠪᠠᠭᠤᠪᠠᠯ ᠦᠢᠯᠡᠳᠪᠤᠷᠢ ᠳᠤ ᠣᠷᠣᠬᠤ︾ ᠶᠢ ᠪᠡᠶᠡᠯᠡᠭᠦᠯᠵᠡᠶ᠃    ︽ᠨᠢᠳᠤᠨᠤᠨ ᠪᠢ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠵᠣᠬᠢᠶᠠᠨ ᠪᠠᠶᠢᠭᠤᠯᠤᠭᠰᠠᠨ ᠴᠡᠭ ᠠᠴᠠ ᠴᠡᠭ ᠲᠤ ᠬᠦᠷᠭᠡᠬᠦ ᠬᠥᠯᠥᠰᠥᠨ ᠠᠵᠢᠯᠴᠢᠨ ᠤ ᠰᠢᠭᠤᠳ ᠨᠡᠪᠲᠡᠷᠡᠬᠦ ᠲᠡᠷᠭᠡ ᠪᠠᠷ ᠪᠡᠭᠡᠵᠢᠩ ᠤᠨ ᠱᠢ ᠨᠠᠢ ᠳ᠋ᠧ ᠳᠤᠮᠳᠠ ᠳᠣᠣᠷ᠎ᠠ ᠬᠦᠴᠦᠳᠡᠯᠲᠦ ᠴᠠᠬᠢᠯᠭᠠᠨ ᠤ ᠬᠢᠵᠠᠭᠠᠷᠲᠤ ᠺᠣᠮᠫᠠᠨᠢ ᠳᠤ ᠠᠵᠢᠯᠯᠠᠪᠠ᠂ ᠡ᠊ᠨᠳᠡ ᠢᠳᠡᠵᠦ ᠤᠤᠭᠤᠬᠤ ᠬᠤᠨᠤᠵᠤ ᠬᠡᠪᠳᠡᠬᠦ ᠶᠢ ᠳᠠᠭᠠᠭᠠᠴᠢᠯᠠᠵᠤ᠂ ᠰᠠᠷ᠎ᠠ ᠶᠢᠨ ᠴᠠᠯᠢᠩ 5500 ᠲᠥᠭᠦᠷᠢᠭ ᠲᠤ ᠬᠦᠷᠴᠡᠢ᠂ ᠪᠢ ᠡ᠊ᠨᠳᠡ ᠠᠵᠢᠯᠯᠠᠭᠠᠳ ᠨᠢᠭᠡᠨᠲᠡ 11 ᠰᠠᠷ᠎ᠠ ᠪᠣᠯᠤᠯ᠎ᠠ᠂ 6 ᠲᠦᠮᠡ ᠭᠠᠷᠤᠢ ᠲᠥᠭᠦᠷᠢᠭ ᠤᠨ ᠤᠷᠤᠯᠭ᠎ᠠ ᠣᠯᠵᠠᠢ᠂ ᠪᠢ ᠦᠨᠡᠬᠡᠷ ᠪᠠᠶᠠᠷᠯᠠᠵᠤ ᠪᠠᠶᠢᠨ᠎ᠠ᠂ ᠴᠠᠯᠢᠩ ᠢ ᠰᠠᠷ᠎ᠠ ᠪᠦᠷᠢ ᠴᠠᠭ ᠲᠠᠭᠠᠨ ᠦᠭᠴᠦ ᠪᠠᠶᠢᠨ᠎ᠠ᠂ ᠣᠨᠴᠠᠭᠠᠢ ᠰᠠᠨᠠᠭ᠎ᠠ ᠠᠮᠤᠷ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠳᠤ ᠦᠨᠡᠬᠡᠷ ᠲᠠᠯᠠᠷᠬᠠᠵᠤ ᠪᠠᠶᠢᠨ᠎ᠠ︾ ᠭᠡᠵᠦ ᠠᠵᠤ ᠠᠬᠤᠶᠢᠯᠠᠯ ᠳᠤ ᠠᠵᠢᠯ ᠬᠢᠵᠦ ᠪᠠᠶᠢᠭ᠎ᠠ ᠶᠠᠨ ᠳ᠋ᠦᠩ ᠾᠧ ᠰᠤᠷᠪᠤᠯᠵᠢᠯᠠᠭᠴᠢ ᠳᠤ ᠬᠡᠯᠡᠪᠡ᠃    ᠬᠥᠯᠥᠰᠥᠨ ᠠᠵᠢᠯ ᠬᠢᠭᠰᠡᠳ ᠤᠨ ᠠᠮᠤᠷ ᠲᠦᠪᠰᠢᠨ ᠡᠮᠬᠢ ᠳᠢᠭᠯᠢᠮ ᠲᠠᠢ ᠶᠠᠪᠤᠵᠤ ᠰᠠᠭᠤᠬᠤ᠂ ᠠᠵᠢᠯ ᠤᠨ ᠪᠠᠶᠢᠷᠢ ᠳᠤ ᠤᠷᠤᠭᠰᠢᠲᠠᠶ ᠭᠠᠷᠬᠤ ᠶᠢ ᠪᠠᠲᠤᠯᠠᠬᠤ ᠶᠢᠨ ᠲᠥᠯᠥᠭᠡ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠰᠢᠯᠵᠢᠭᠦᠯᠦᠨ ᠭᠠᠷᠭᠠᠬᠤ ᠬᠡᠯᠪᠡᠷᠢ ᠪᠠᠷ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠬᠥᠮᠦᠨ ᠤ ᠲᠤᠭ᠎ᠠ ᠶᠢ ᠦᠨᠳᠦᠰᠦᠯᠡᠨ ᠲᠤᠰᠬᠠᠶ ᠳᠡᠷᠭᠡ ᠲᠤᠬᠢᠷᠠᠭᠤᠯᠬᠤ ᠪᠠ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠲᠥᠰᠦᠯ ᠢ ᠵᠣᠬᠢᠰᠲᠠᠶ ᠲᠣᠭᠲᠠᠭᠠᠵᠤ᠂ ᠠᠵᠢᠯᠯᠠᠭᠠᠨ ᠤ ᠵᠠᠮ ᠱᠤᠭᠤᠮ᠂ ᠵᠢᠯᠣᠭᠤᠴᠢ ᠶᠢᠨ ᠲᠣᠬᠢᠷᠠᠭᠤᠯᠤᠯᠲᠠ ᠪᠠ ᠠᠮᠤᠷ ᠲᠦᠪᠰᠢᠨ ᠢᠶᠠᠷ ᠠᠵᠢᠯᠯᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠲᠤᠰᠬᠠᠶ ᠲᠡᠷᠭᠡᠨ ᠳᠤ ᠰᠠᠭᠤᠵᠤ ᠰᠢᠭᠤᠳ ᠠᠵᠢᠯ ᠬᠥᠳᠡᠯᠮᠦᠷᠢ ᠬᠢᠬᠦ ᠨᠢᠭᠡᠴᠢ ᠳᠤ ᠬᠦᠷᠴᠦ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠬᠥᠮᠦᠰ ᠤᠨ ᠠᠵᠢᠯ ᠤᠯᠬᠤ ᠭᠠᠵᠠᠷ ᠲᠠᠢ᠂ ᠠᠵᠢᠯ ᠬᠥᠳᠡᠯᠮᠦᠷᠢ ᠬᠢᠬᠦ ᠠᠷᠭ᠎ᠠ ᠵᠠᠮ ᠲᠠᠢ᠂ ᠡᠷᠬᠡ ᠠᠰᠢᠭ ᠤᠨ ᠪᠠᠲᠤᠯᠠᠭ᠎ᠠ ᠲᠠᠢ ᠪᠠᠶᠢᠬᠤ ᠶᠢ ᠪᠠᠲᠤᠯᠠᠨ᠎ᠠ᠃    ᠵᠠᠯᠠᠶᠢᠳ ᠬᠤᠰᠢᠭᠤ ᠨᠢ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠰᠢᠭᠤ ᠪᠣᠯᠤᠭᠰᠠᠨ ᠤ ᠬᠤᠪᠢ ᠳᠤ᠂ ᠮᠥᠨ ᠴᠦ ᠬᠥᠳᠡᠯᠮᠦᠷᠢ ᠬᠦᠴᠦᠨ ᠤ ᠭᠠᠷᠭᠠᠯᠭ᠎ᠠ ᠶᠢᠨ ᠲᠣᠮᠣ ᠬᠤᠰᠢᠭᠤ ᠪᠣᠯᠤᠨ᠎ᠠ᠃ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠭᠠᠷᠭᠠᠵᠤ ᠪᠤᠯᠬᠤ ᠶᠢ ᠨᠢ ᠪᠦᠬᠦᠨ ᠢ ᠭᠠᠷᠭᠠᠵᠤ᠂ ᠰᠢᠯᠵᠢᠭᠦᠯᠵᠦ ᠪᠤᠯᠬᠤ ᠶᠢ ᠨᠢ ᠪᠦᠬᠦᠨ ᠢ ᠰᠢᠯᠵᠢᠬᠦᠯᠵᠦ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠤᠨ ᠪᠠᠶᠢᠷᠢ ᠶᠢ ᠥᠷᠭᠡᠳᠬᠡᠬᠦ ᠳᠡᠭᠡᠷ᠎ᠡ ᠲᠠᠰᠤᠷᠠᠯᠲᠠ ᠦᠭᠡᠶ ᠬᠦᠴᠦ ᠲᠠᠯᠪᠢᠵᠤ᠂ ᠣᠷᠣᠨ ᠪᠦᠰᠡ ᠶᠢᠨ ᠭᠠᠳᠠᠨᠠᠬᠢ ᠠᠵᠢᠯᠴᠢᠨ ᠬᠡᠷᠡᠭᠯᠡᠬᠦ ᠠᠷᠭ᠎ᠠ ᠵᠠᠮ ᠢ ᠥᠷᠭᠡᠳᠬᠡᠵᠦ᠂ ︽ᠨᠠᠷᠢᠯᠢᠬᠵᠢᠭᠤᠯᠬᠤ︾ ᠵᠣᠬᠢᠶᠠᠨ ᠪᠠᠶᠢᠭᠤᠯᠤᠯᠲᠠ᠂ ︽ᠨᠢᠭᠡ ᠥᠷᠲᠡᠭᠡᠴᠢᠯᠡᠬᠦ ᠮᠠᠶ᠋ᠢᠭ︾ ᠤᠨ ᠦᠢᠯᠡᠴᠢᠯᠡᠭᠡ᠂ ︽ᠴᠡᠭ ᠠᠴᠠ ᠴᠡᠭ ᠲᠤ ᠬᠦᠷᠭᠡᠬᠦ︾ ᠵᠡᠷᠭᠡ ᠪᠠᠷ ᠳᠠᠮᠵᠢᠭᠤᠯᠤᠨ᠂ ᠪᠡᠭᠡᠵᠢᠩ᠂ ᠬᠠᠷᠠᠮᠥ᠋ᠷᠡᠨ᠂ ᠾᠧᠪᠸᠢ᠂ ᠭᠢᠷᠢᠨ᠂ ᠭᠤᠸᠠᠩᠳᠦ᠋ᠩ᠂ ᠵᠧᠵᠢᠶᠠᠩ ᠵᠡᠷᠭᠡ ᠣᠷᠣᠨ ᠪᠦᠰᠡ ᠶᠢᠨ ᠭᠠᠳᠠᠨᠠᠬᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠯᠤᠭ᠎ᠠ ᠬᠥᠳᠡᠯᠮᠦᠷᠢ ᠦᠢᠯᠡᠴᠢᠯᠡᠭᠡ ᠪᠠᠨ ᠵᠣᠯᠭᠠᠭᠤᠯᠬᠤ ᠠᠵᠢᠯ ᠢ ᠢᠳᠡᠪᠬᠢᠲᠡᠶ ᠴᠢᠩᠭᠠᠳᠬᠠᠵᠤ᠂ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠲᠣᠮᠣ ᠰᠠᠭᠤᠳᠠᠯ ᠤᠨ ᠮᠠᠰᠢᠨ ᠤ ᠲᠤᠰᠬᠠᠶ ᠲᠡᠷᠭᠡᠨ ᠳᠤ ᠰᠠᠭᠤᠬᠤ ᠬᠥᠮᠦᠰ ᠠᠴᠠ ᠰᠦᠢᠳᠭᠡᠯ ᠬᠤᠷᠢᠶᠠᠬᠤ ᠥᠬᠡᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃    ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ︽ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ︾ ᠶᠡᠷᠦᠩᠬᠡᠶ ᠬᠥᠭ ᠠᠶᠠᠰ ᠢ ᠪᠠᠲᠤ ᠡᠵᠡᠮᠳᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶ ᠪᠥᠭᠡᠳ ᠪᠣᠳᠠᠲᠠᠶᠢᠵᠢᠭᠤᠯᠵᠤ᠂ ᠨᠠᠩ ᠣᠯᠠᠨ ᠬᠥᠭᠵᠢᠭᠰᠡᠨ ᠮᠤᠵᠢ ᠬᠤᠲᠠ ᠲᠠᠢ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠣᠭᠲᠠᠴᠠ ᠪᠠᠶᠢᠭᠤᠯᠬᠤ ᠶᠢ ᠰᠦᠪᠡᠭᠴᠢᠯᠡᠨ᠂ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠠᠵᠢᠯ ᠢ ᠵᠣᠬᠢᠶᠠᠨ ᠪᠠᠶᠢᠭᠤᠯᠤᠯᠲᠠ ᠲᠠᠢ ᠪᠠᠷ ᠢᠳᠡᠪᠬᠢᠲᠡᠶ ᠥᠷᠨᠢᠭᠦᠯᠵᠦ᠂ ᠠᠵᠢᠯ ᠣᠯᠭᠤᠬᠤ ᠪᠠ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠣᠳᠣᠬᠠᠨ ᠳᠤ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢᠭᠡᠨᠲᠡ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ᠂ ᠵᠧᠵᠢᠶᠠᠩ ᠮᠤᠵᠢ ᠶᠢᠨ ᠬᠠᠩᠵᠧᠦ ᠬᠤᠲᠠ ᠵᠡᠷᠭᠡ ᠭᠠᠵᠠᠷ ᠲᠠᠢ 4 ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ 1100 ᠭᠠᠷᠤᠶ ᠬᠥᠮᠦᠨ ᠢ ᠰᠢᠭᠤᠳ ᠪᠤᠶᠤ ᠳᠠᠮ ᠢᠶᠠᠷ ᠬᠠᠪᠰᠤᠷᠤᠨ ᠲᠡᠳᠬᠦᠵᠦ ᠠᠵᠢᠯ ᠣᠯᠭᠤᠭᠰᠠᠨ ᠪᠠᠶᠢᠨ᠎ᠠ᠃ ᠡᠨᠡ ᠵᠢᠯ ᠮᠠᠯᠴᠢᠨ ᠲᠠᠷᠢᠶᠠᠴᠢᠨ ᠢ 2 ᠲᠦᠮᠡ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠵᠤ᠂ ᠬᠥᠳᠡᠯᠮᠦᠷᠢ ᠬᠦᠴᠦᠨ ᠢ 200 ᠬᠥᠮᠦᠨ ︵ᠤᠳᠠᠭ᠎ᠠ︶ ᠠᠴᠠ ᠳᠡᠭᠡᠭᠰᠢ ︽ᠴᠡᠭ  ᠠᠴᠠ ᠴᠡᠭ ᠲᠤ ᠬᠦᠷᠭᠡᠬᠦ︾  ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号