ᠢᠨᠳᠡᠷ ᠪᠠᠯᠭᠠᠰᠤᠨ ᠤ ᠶᠢᠨ ᠲᠠ ᠨᠡᠶᠢᠭᠡᠮ ᠲᠣᠭᠤᠷᠢᠭ  ᠰᠠᠶᠢᠨ ᠳᠤᠷ᠎ᠠ ᠶᠢᠨ ᠦᠢᠯᠡᠴᠢᠯᠡᠭᠡ ᠪᠠᠷ ᠨᠠᠰᠤᠲᠠᠶᠢᠴᠤᠳ ᠢ ᠪᠠᠶᠠᠰᠬᠠᠨ᠎ᠠ
ᠨᠡᠶᠢᠲᠡᠯᠡᠭᠰᠡᠨ ᠴᠠᠭ᠄
2024/4/16
       ᠠᠮᠢᠳᠤᠷᠠᠯ ᠨᠢ ᠬᠦᠴᠢᠷᠳᠡᠯᠲᠡᠢ ᠰᠠᠭᠤᠭᠠᠯᠢ ᠠᠷᠠᠳ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠰᠠᠭᠤᠭᠠᠯᠢ ᠠᠷᠠᠳ ᠯᠤᠭ᠎ᠠ ᠶᠢᠨ ᠬᠠᠷᠢᠴᠠᠭ᠎ᠠ ᠪᠠᠨ ᠰᠠᠶᠢᠵᠢᠷᠠᠭᠤᠯᠤᠨ᠂ ᠨᠡᠶᠢᠭᠡᠮ ᠲᠣᠭᠤᠷᠢᠭ   ᠤᠨ ᠰᠠᠭᠤᠭᠠᠯᠢ ᠠᠷᠠᠳ ᠲᠤ ᠦᠨᠡᠨ ᠬᠦ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ ᠦᠭᠬᠦ ᠶᠢᠨ ᠲᠦᠯᠦᠭᠡ ᠢᠨᠳᠡᠷ ᠪᠠᠯᠭᠠᠰᠤᠨ ᠤ ᠶᠢᠨ ᠲᠠ ᠨᠡᠶᠢᠭᠡᠮ ᠲᠣᠭᠤᠷᠢᠭ ᠤᠨ ᠬᠢᠨ ᠡᠷᠦᠬᠡ ᠪᠠᠷ ᠬᠦᠨᠵᠡᠭᠡᠶᠢᠷᠡᠨ ᠣᠶᠢᠯᠠᠭᠠᠭᠰᠠᠨ ᠢᠶᠠᠷ᠂ 79 ᠨᠠᠰᠤᠲᠠᠢ ᠭᠤᠣᠨᠢ ᠨᠠᠰᠤᠲᠠᠨ ᠲᠢᠶᠠᠨ ᠴᠢᠦ ᠴᠢᠨ  ᠬᠥᠳᠡᠯᠮᠦᠷᠢᠯᠡᠬᠦ ᠴᠢᠳᠠᠪᠤᠷᠢ ᠦᠭᠡᠢ᠂ ᠭᠡᠷ ᠲᠡᠭᠡᠨ ᠣᠪᠣᠭᠠᠯᠠᠵᠤ ᠪᠠᠶᠢᠭᠰᠠᠨ ᠡᠷᠳᠡᠨᠢ ᠰᠢᠰᠢ ᠶᠢᠨ ᠮᠤᠨᠠ ᠪᠠᠨ ᠬᠤᠷᠢᠶᠠᠵᠦ ᠳᠡᠶᠢᠯᠦᠭᠰᠡᠨ ᠦᠭᠡᠢ᠃ ᠡᠷᠳᠡᠨᠢ ᠰᠢᠰᠢ ᠶᠢᠨ ᠮᠤᠨᠠ ᠪᠠᠨ ᠬᠤᠷᠢᠶᠠᠵᠦ ᠳᠡᠶᠢᠯᠦᠭᠰᠡᠨ ᠦᠭᠡᠢ ᠡᠨᠡ ᠴᠢᠮᠡᠭᠡ ᠶᠢ ᠰᠣᠨᠣᠰᠤᠭᠰᠠᠨ ᠤ ᠳᠠᠷᠠᠭ᠎ᠠ ᠨᠡᠶᠢᠭᠡᠮ ᠲᠣᠭᠤᠷᠢᠭ ᠤᠨ ᠬᠢᠨ ᠲᠡᠷᠡ ᠳᠠᠷᠤᠢ ᠳᠤᠨᠢ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠨᠠᠰᠤᠲᠠᠨ ᠤ ᠭᠡᠷ ᠲᠤ ᠬᠦᠷᠴᠦ ᠬᠠᠪᠰᠤᠷᠤᠨ ᠴᠡᠪᠡᠷᠯᠡᠵᠡᠢ᠃        ᠬᠦᠳᠡᠯᠮᠦᠷᠢᠯᠡᠬᠦ ᠶᠠᠪᠤᠴᠠ ᠳᠤ ᠤᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ᠂ ᠪᠤᠵᠠᠷ ᠪᠤᠷᠲᠠᠭ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠡᠢ᠃ ᠵᠠᠷᠢᠮ ᠨᠢ ᠱᠦᠭᠦᠷᠳᠡᠨ ᠴᠡᠪᠡᠷᠯᠡᠵᠦ᠂ ᠵᠠᠷᠢᠮ ᠨᠢ ᠤᠭᠤᠲᠠᠨ ᠳᠤ ᠰᠠᠪᠠᠯᠠᠵᠤ᠂ ᠵᠠᠷᠢᠮ ᠨᠢ ᠤᠳᠬᠤᠭᠤᠷ ᠲᠡᠷᠭᠡ ᠶᠢ ᠡᠵᠡᠮᠳᠡᠵᠦ᠂ ᠳᠡᠮᠡᠢ ᠣᠳᠠᠯ ᠦᠭᠡᠢ ᠡᠷᠦᠢ ᠬᠤᠷᠤᠢ ᠦᠭᠡᠢ  ᠤᠪᠤᠭᠠᠯᠠᠭᠰᠠᠨ‌ᠡᠷᠳᠡᠨᠢ ᠰᠢᠰᠢ ᠶᠢᠨ ᠮᠤᠨᠠ ᠶᠢ ᠴᠡᠪᠡᠷᠯᠡᠭᠰᠡᠨ ᠪᠠᠶᠢᠨ᠎ᠠ᠃ ︽ᠲᠠ ᠨᠠᠷ ᠪᠠᠶᠢᠭᠰᠠᠨ ᠳᠠᠭᠠᠨ ᠪᠣᠯᠵᠠᠢ᠂ ᠪᠢ ᠲᠠ ᠨᠠᠷ ᠳᠤ ᠦᠨᠡᠬᠡᠷ ᠲᠠᠯᠠᠷᠬᠠᠵᠤ  ᠪᠠᠶᠢᠨ᠎ᠠ︕︾ ᠭᠡᠵᠦ ᠨᠠᠰᠤᠲᠠᠨ ᠰᠡᠳᠬᠢᠯ ᠲᠤᠭᠳᠤᠯᠤᠨ ᠬᠡᠯᠡᠪᠡ᠃        ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ ᠪᠠᠰᠠ ᠢᠳᠡᠪᠬᠢ ᠬᠦᠴᠦᠨ ᠢ ᠳᠡᠮᠵᠢᠭᠤᠯᠤᠨ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ  ᠴᠢᠩᠭᠠᠷᠠᠭᠤᠯᠵᠣ᠂ ᠬᠠᠷᠢᠯᠴᠠᠨ ᠪᠦᠯᠬᠦᠮᠳᠡᠨ ᠬᠠᠪᠰᠤᠷᠤᠯᠴᠠᠬᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃ ᠮᠦᠨ ᠴᠦ ᠨᠠᠰᠤᠲᠠᠶᠢᠴᠤᠳ ᠢ ᠬᠦᠨᠳᠦᠳᠬᠡᠨ ᠬᠠᠯᠠᠮᠵᠢᠯᠠᠵᠤ ᠪᠠᠶᠢᠬᠤ ᠶᠢ  ᠬᠠᠷᠠᠭᠤᠯᠵᠠᠢ᠃        ᠳᠠᠷᠠᠭᠠᠴᠢ ᠶᠢᠨ ᠠᠯᠬᠤᠮ ᠳᠤ᠂ ᠶᠢᠨ ᠲᠠ ᠨᠡᠶᠢᠭᠡᠮ ᠲᠣᠭᠤᠷᠢᠭ ᠤᠨ ᠬᠢᠨ ᠤᠯᠠᠨ ᠲᠦᠮᠡᠨ ᠤ ᠬᠡᠷᠡᠭᠴᠡᠭᠡ ᠬᠠᠮᠢᠭ᠎ᠠ ᠪᠠᠶᠢᠪᠠᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠠᠯᠠᠭᠤᠴᠤᠳ ᠳᠠᠷᠤᠢ ᠲᠡᠨᠳᠡ ᠬᠦᠷᠴᠦ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠵᠤ᠂ ᠪᠣᠯᠪᠠᠰᠤᠨ ᠤ ᠦᠢᠯᠡᠳᠦᠯᠭᠡ ᠶᠢ ᠤᠯᠠᠨ ᠲᠦᠮᠡᠨ ᠲᠠᠢ ᠨᠡᠩ ᠣᠶᠢᠷᠠᠲᠤᠭᠤᠯᠵᠤ᠂ ᠨᠡᠩ ᠠᠮᠢᠵᠢᠷᠠᠯ ᠤᠨ ᠬᠦᠴᠦᠨ ᠲᠠᠢ ᠪᠣᠯᠭᠠᠨ᠎ᠠ᠃ ᠰᠠᠶᠢᠨ‌‍ᠲ᠋ᠤᠷ᠎ᠠ ᠶᠢᠨ ᠦᠢᠯᠡᠴᠢᠯᠡᠭᠡ ᠶᠢᠨ ᠵᠠᠯᠠᠭᠤᠴᠤᠳ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠦ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠪᠤᠯᠤᠨ᠎ᠠ᠃  
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号