ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠤ ᠶᠢᠨ ᠬᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/17
       ᠪᠦᠬᠦ ᠪᠠᠯᠭᠠᠰᠤ ᠶᠢᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠠᠶᠢᠵᠢᠷᠠᠯᠲᠠ ᠶᠢ ᠭᠦᠨᠵᠡᠭᠡᠢ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠠᠷᠪᠡᠨᠭᠡᠷ ᠪᠠᠯᠭᠠᠰᠤ ᠶᠢᠨ ᠬᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ 12 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢ ᠵᠣᠬᠢᠶᠠᠨ ᠪᠠᠶᠢᠭᠤᠯᠤᠨ ᠢᠳᠡᠪᠬᠢᠲᠡᠢ ᠠᠵᠢᠯᠯᠠᠭ᠎ᠠ ᠠᠪᠴᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠥᠷᠨᠢᠯᠲᠡ ᠶᠢ ᠪᠤᠢ ᠪᠣᠯᠭᠠᠵᠤ᠂  ᠦᠨᠴᠦᠭ ᠪᠤᠯᠤᠩ ᠪᠦᠷᠢ ᠶᠢ ᠲᠤᠶᠢᠯᠪᠤᠷᠢᠲᠠᠢ ᠴᠡᠪᠡᠷᠯᠡᠵᠦ᠂ ᠪᠦᠬᠦ ᠪᠠᠯᠭᠠᠰᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ  ᠦᠨᠡᠨ ᠬᠦ ᠰᠠᠶᠢᠵᠢᠷᠠᠭᠤᠯᠪᠠ᠃       ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠺᠠᠳ᠋ᠷ ᠲᠦᠷᠦᠭᠦᠯᠡᠨ᠂ ᠵᠠᠰᠠᠮᠠᠯ ᠵᠠᠮ ᠳᠠᠭᠠᠤ᠂ ᠣᠯᠠᠨ ᠲᠦᠮᠡᠨ ᠤ ᠭᠡᠷ ᠪᠠᠶᠢᠰᠢᠩ ᠤᠨ ᠠᠷᠤ ᠦᠪᠦᠷ ᠵᠢᠴᠢ ᠭᠤᠣᠯ ᠤᠨ ᠬᠦᠪᠡᠭᠡ ᠵᠠᠬ᠎ᠠ ᠭᠤᠸ ᠰᠤᠪᠠᠭ ᠵᠡᠷᠭᠡ ᠭᠤᠣᠯᠳᠠᠯᠭ᠎ᠠ ᠲᠠᠢ ᠭᠠᠵᠠᠷ ᠢᠶᠠᠷ ᠠᠩᠬᠠᠷᠤᠯ ᠢᠶᠠᠨ ᠲᠥᠪᠯᠡᠷᠡᠭᠦᠯᠵᠦ᠂ ᠠᠮᠢᠳᠤᠷᠠᠯ ᠤᠨ ᠬᠤᠭ ᠨᠣᠪᠰᠢ ᠪᠣᠯᠣᠨ ᠬᠠᠶᠠᠭᠳᠠᠮᠠᠯ ᠪᠣᠳᠠᠰ ᠢ ᠪᠥᠬᠦ ᠲᠠᠯ᠎ᠠ ᠪᠠᠷ ᠬᠦᠴᠦᠨ ᠢᠶᠠᠨ ᠲᠥᠪᠯᠡᠷᠡᠭᠦᠯᠦᠨ  ᠂ ᠲᠤᠶᠢᠯᠪᠤᠷᠢᠲᠠᠢ ᠠᠷᠢᠯᠭᠠᠨ ᠴᠡᠪᠡᠷᠯᠡᠪᠡ᠃ ︽ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠠᠷᠢᠭᠤᠨ ᠴᠡᠪᠡᠷ ᠪᠣᠯᠪᠠᠯ ᠠᠷᠠᠳ ᠲᠦᠮᠡᠨ ᠤ ᠵᠣᠯ ᠵᠢᠷᠭᠠᠯᠲᠦ ᠲᠦᠷᠦᠭᠳᠡᠯ ᠨᠠᠮᠡᠭᠳᠡᠨ᠎ᠡ᠃ ᠤᠯᠤᠰ ᠣᠷᠣᠨ ᠤ ᠤᠷᠢᠶᠠᠯᠠᠭ᠎ᠠ ᠶᠢ  ᠳᠠᠭᠠᠵᠤ᠂ ᠣᠯᠠᠨ ᠲᠦᠮᠡᠨ ᠤ ᠲᠥᠯᠥᠭᠡ ᠮᠦᠨ ᠴᠦ ᠥᠪᠡᠷ ᠤᠨ ᠢᠶᠠᠨ ᠲᠥᠯᠥᠭᠡ ᠵᠢᠳᠬᠦᠵᠦ᠂ ᠥᠴᠥᠬᠡᠨ ᠴᠦ ᠵᠦᠳᠡᠷᠡᠯᠲᠡᠢ ᠰᠠᠨᠠᠭᠳᠠᠬᠤ ᠦᠭᠡᠢ ᠶᠤᠮ︾ ᠭᠡᠵᠦ ᠣᠯᠠᠨ ᠢ ᠳᠠᠭᠠᠭᠤᠯᠤᠨ ᠬᠤᠭ ᠨᠣᠪᠰᠢ ᠲᠡᠭᠦᠵᠦ ᠪᠠᠶᠢᠭ᠎ᠠ ᠨᠡᠶᠢᠭᠡᠮ ᠲᠣᠭᠤᠷᠢᠭ ᠤᠨ ᠱᠦᠵᠢ ᠶᠢᠨ ᠱᠧᠩ ᠬᠡᠯᠡᠪᠡ᠃       ᠡᠭᠦᠨ ᠤ ᠬᠠᠮᠲᠦ ᠪᠠᠯᠭᠠᠰᠤᠨ ᠤ ᠵᠠᠰᠠᠭ ᠤᠨ ᠣᠷᠳᠣᠨ ᠴᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠬᠥᠮᠥᠨ ᠪᠦᠬᠦᠨ ᠣᠷᠴᠢᠨ ᠲᠤᠭᠤᠷᠢᠨ ᠤ ᠠᠷᠢᠭᠤᠨ ᠴᠡᠪᠡᠷ ᠢ ᠠᠩᠬᠠᠷᠴᠤ᠂ ᠬᠥᠮᠥᠨ ᠪᠦᠬᠦᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠵᠤ᠂ ᠣᠯᠠᠨ ᠲᠦᠮᠡᠨ ᠢ  ᠳᠠᠶᠢᠴᠢᠯᠠᠨ ᠵᠢᠯᠤᠭᠤᠳᠴᠤ ᠪᠠᠶᠢᠭᠠᠳ ᠣᠷᠴᠢᠨ ᠲᠤᠭᠤᠷᠢᠨ ᠤ ᠠᠷᠢᠭᠤᠨ ᠴᠡᠪᠡᠷ ᠢ ᠢᠳᠡᠪᠬᠢᠲᠡᠢ ᠬᠠᠮᠠᠭᠠᠯᠠᠬᠤ ᠡᠵᠡᠨ ᠬᠥᠮᠥᠨ ᠤ ᠤᠬᠠᠮᠰᠠᠷ ᠢ ᠪᠤᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠬᠥᠭᠵᠢᠭᠡᠨ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠬᠠᠮᠲᠤ  ᠶᠢᠨ ᠲᠠᠨᠢᠯᠲᠠ ᠶᠢ ᠨᠢᠭᠲᠠᠷᠠᠭᠤᠯᠵᠤ᠂  ᠨᠠᠮ ᠤᠨ ᠭᠡᠰᠢᠭᠦᠨ ᠺᠠᠲᠠᠷᠴᠤᠳ ᠢᠶᠠᠨ ᠳᠠᠶᠢᠴᠢᠯᠠᠨ ᠠᠵᠢᠯᠯᠠᠬᠤ᠂ ᠣᠯᠠᠨ ᠲᠦᠮᠡᠨ  ᠢᠳᠡᠪᠬᠢᠲᠠᠢ ᠠᠵᠢᠯᠯᠠᠬᠤ ᠠᠮᠢᠳᠤᠯᠢᠭ ᠪᠠᠶᠢᠳᠠᠯ ᠢ ᠪᠤᠶ ᠪᠣᠯᠭᠠᠵᠠᠢ᠃       ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠵᠠᠰᠠᠮᠠᠯ ᠵᠠᠮ ᠳᠠᠭᠠᠤ᠂ ᠲᠥᠪᠯᠡᠷᠡᠨ ᠰᠠᠭᠤᠭᠰᠠᠨ ᠭᠠᠵᠠᠷ ᠤᠨ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢᠯᠡᠳᠲᠡ ᠰᠠᠶᠢᠵᠢᠷᠠᠵᠤ᠂  ᠠᠷᠢᠯᠭᠠᠨ ᠴᠡᠪᠡᠷᠯᠡᠬᠦ ᠳᠤ ᠬᠦᠴᠢᠷ ᠦᠨᠴᠦᠭ ᠪᠤᠯᠤᠩ ᠢ ᠴᠦ ᠪᠦᠲᠦᠮᠵᠢᠲᠡᠶ ᠴᠡᠪᠡᠷᠯᠡᠵᠦ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠲᠥᠬᠦᠮ ᠦᠵᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠠᠷᠪᠡᠨᠭᠡᠷ ᠪᠠᠯᠭᠠᠰᠤ ᠶᠢᠨ  ᠬᠢᠨ ᠦᠷᠭᠦᠯᠵᠢᠯᠡᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠠᠷᠢᠨ ᠨᠢᠮᠪᠠᠢ ᠲᠣᠬᠢᠷᠠᠭᠤᠯᠵᠤ᠂ ᠦᠨᠡᠨ ᠬᠦ ᠪᠣᠳᠠᠲᠠᠢ ᠠᠵᠢᠯᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠵᠦ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠣᠯᠣᠨ ᠵᠣᠯ  ᠵᠢᠷᠭᠠᠯᠲᠦ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠠᠷᠪᠡᠨᠭᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号