ᠬᠤᠯᠪᠤᠭ᠎ᠠ ᠪᠠᠯᠭᠠᠰᠤ 2024 ᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/4/17
      4 ᠰᠠᠷ᠎ᠠ ᠶᠢᠨ 15  ᠤ ᠡᠳᠦᠷ᠂  ᠬᠤᠯᠪᠤᠭ᠎ᠠ ᠪᠠᠯᠭᠠᠰᠤ ᠶᠢᠨ ᠬᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠨᠠᠮ ᠵᠠᠰᠠᠭ ᠤᠨ ᠤᠳᠤᠷᠢᠳᠬᠤ ᠪᠠᠭ ᠤᠨ ᠪᠦᠬᠦ ᠪᠦᠷᠢᠯᠳᠦᠭᠦᠨ᠂ ᠡᠯ᠎ᠡ ᠦᠷᠳᠡᠭᠡ  ᠠᠯᠪᠠᠨ ᠭᠡᠷ ᠤᠨ ᠳᠠᠷᠤᠭ᠎ᠠ ᠭᠤᠣᠯ ᠬᠤᠷᠠᠯ ᠤᠨ ᠲᠠᠯᠠᠪᠠᠢ ᠳᠤ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠤ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ᠂  ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠭᠦᠨ ᠸᠢᠳᠢᠤ᠋  ᠬᠡᠯᠪᠡᠷᠢ ᠪᠠᠷ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃       ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ ︵ᠭᠤᠷᠪᠠᠳᠤᠭᠠᠷ ᠪᠦᠯᠦᠭ — ᠳᠥᠷᠪᠡᠳᠦᠭᠡᠷ ᠪᠦᠯᠦᠭ︶︾ ᠤᠨ ᠠᠭᠤᠯᠭ᠎ᠠ ᠶᠢ ᠬᠠᠮᠲᠤ ᠪᠠᠷ ᠰᠤᠷᠤᠯᠴᠠᠪᠠ᠃      ᠬᠤᠷᠠᠯ ᠠᠴᠠ  ᠂ ᠨᠢᠭᠡ ᠳᠤ᠂ ᠤᠨᠤᠯ ᠤᠨ ᠰᠤᠷᠤᠯᠴᠠᠯᠭ᠎ᠠ  ᠪᠠᠨ ᠴᠢᠨᠠᠭᠰᠢᠳᠠ ᠴᠢᠩᠭᠠᠳᠬᠠᠵᠤ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠣᠶᠢᠯᠠᠭᠠᠵᠤ᠂ ᠥᠪᠡᠷ ᠤᠨ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠠᠨ ᠲᠣᠳᠣᠷᠬᠠᠶᠢᠯᠠᠵᠤ᠂ ᠰᠡᠳᠬᠢᠯ ᠳᠡᠭᠡᠨ ᠨᠠᠮ ᠪᠤᠯᠤᠨ ᠠᠷᠠᠳ ᠲᠦᠮᠡᠨ ᠢᠶᠠᠨ ᠪᠤᠳᠤᠵᠤ᠂ ᠰᠡᠳᠬᠢᠯ ᠳᠡᠭᠡᠨ ᠬᠠᠷᠢᠭᠤᠴᠠᠯᠭ᠎ᠠ ᠲᠠᠢ᠂ ᠴᠡᠭᠡᠷ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ  ᠂ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠬᠤ ᠶᠢ ᠡᠷᠡᠰ ᠪᠠᠷᠢᠮᠲᠠᠯᠠᠵᠤ᠂ ᠥᠭᠡᠷᠡᠳᠡᠭᠦᠯᠦᠨ ᠬᠤᠪᠢᠷᠠᠭᠤᠯᠵᠤ ᠪᠣᠯᠬᠤ  ᠦᠭᠡᠢ᠂ ᠳᠤᠲᠠᠭᠤ ᠲᠤᠷᠭᠤᠠ ᠬᠡᠷᠡᠭᠵᠢᠭᠦᠯᠵᠦ ᠪᠣᠯᠬᠤ ᠦᠭᠡᠢ᠂ ᠵᠠᠯᠢ ᠮᠡᠭᠡ ᠭᠠᠷᠭᠠᠵᠤ ᠪᠣᠯᠬᠤ ᠦᠭᠡᠢ᠃ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠪᠡᠶ᠎ᠡ ᠪᠠᠨ ᠪᠠᠷᠢᠬᠤ ᠤᠬᠠᠮᠰᠠᠷ ᠢᠶᠠᠨ ᠴᠠᠭ ᠢᠮᠠᠭᠲᠠ ᠪᠠᠷᠢᠮᠲᠠᠯᠠᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠶ ᠪᠣᠯᠭᠠᠵᠤ᠂ ᠠᠷᠢᠭᠤᠨ ᠴᠢᠬᠡᠴᠢ᠂ ᠲᠥᠪ  ᠰᠤᠷᠲᠠᠯ ᠲᠠᠢ ᠡᠪ ᠬᠠᠮᠲᠤ ᠨᠠᠮ ᠤᠨ ᠭᠡᠰᠢᠭᠦᠨ ᠺᠠᠳ᠋ᠷ ᠪᠣᠯᠵᠤ᠂ ᠳᠠᠭᠠᠭᠤᠯᠤᠭᠴᠢ ᠶᠢᠨ ᠦᠢᠯᠡᠳᠦᠯ ᠢᠶᠠᠨ ᠨᠠᠩ  ᠰᠠᠶᠢᠲᠤᠷ ᠪᠠᠳᠠᠷᠠᠭᠤᠯᠬᠤ ᠬᠡᠷᠡᠭᠲᠡᠢ᠃ ᠭᠤᠷᠪᠠ ᠳᠤ᠂  ︽ᠪᠦᠯᠬᠦᠮᠳᠡᠯ ᠲᠠᠢ᠂ ᠪᠣᠳᠠᠲᠤ ᠠᠵᠢᠯᠯᠠᠭ᠎ᠠ ᠶᠢ ᠡᠷᠬᠢᠮᠯᠡᠭᠰᠡᠨ᠂ ᠰᠢᠷᠭᠠᠭᠤ ᠴᠢᠷᠮᠠᠶᠢᠯᠭ᠎ᠠ ᠲᠠᠢ᠂ ᠠᠷᠢᠭᠤᠨ ᠴᠢᠬᠡᠴᠢ︾ ᠤᠳᠤᠷᠢᠳᠬᠤ ᠪᠠᠭ ᠢ ᠪᠠᠶᠢᠭᠤᠯᠵᠤ᠂ ᠨᠠᠮ ᠤᠨ ᠰᠠᠶᠢᠨ ᠰᠤᠷᠲᠠᠯ ᠢᠶᠠᠷ ᠵᠠᠰᠠᠭ ᠤᠨ ᠰᠤᠷᠲᠠᠯ ᠢ ᠠᠬᠢᠭᠤᠯᠵᠤ᠂ ᠠᠷᠠᠳ ᠤᠨ ᠰᠤᠷᠲᠠᠯ ᠢ ᠲᠠᠶᠢᠴᠢᠯᠠᠨ᠂ ᠪᠦᠬᠦ ᠪᠠᠯᠭᠠᠰᠤᠨ ᠳᠤ ᠰᠠᠶᠢᠨ ᠬᠡᠪ ᠰᠤᠷᠲᠠᠯ ᠢ ᠶᠡᠭᠡ ᠪᠠᠷ ᠪᠤᠢ ᠪᠣᠯᠭᠠᠬᠤ ᠬᠡᠷᠡᠭᠲᠡᠢ᠃ ᠳᠥᠷᠪᠡ ᠳᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠪᠠᠷ ᠳᠠᠮᠵᠢᠭᠤᠯᠵᠤ᠂ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠢ  ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠪᠠᠯᠭᠠᠰᠤ᠂ ᠲᠣᠰᠬᠤᠨ ᠬᠤᠶᠠᠷ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢ ᠡᠷᠬᠢᠮᠯᠡᠵᠦ᠂ ᠶᠣᠰᠣ ᠳᠦᠷᠢᠮ ᠢ ᠡᠷᠬᠢᠮᠯᠡᠨ᠂ ᠬᠠᠤᠯᠢ ᠶᠢ ᠰᠠᠬᠢᠵᠤ ᠦᠭᠡ ᠰᠣᠨᠣᠰᠴᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠬᠤᠯᠪᠤᠭ᠎ᠠ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号