ᠨᠡᠭᠦᠳᠡᠯ ᠤᠨ ᠰᠢᠪᠠᠭᠤᠳ ᠤᠨ ᠭᠠᠩᠭᠠᠨᠠᠯᠳᠤᠭᠠᠨ
ᠨᠡᠶᠢᠲᠡᠯᠡᠭᠰᠡᠨ ᠴᠠᠭ᠄
2024/4/17
     ᠬᠠᠪᠤᠷ ᠤᠨ ᠤᠯᠠᠷᠢᠯ ᠳᠤ ᠬᠠᠮᠤᠭ ᠪᠤᠳᠠᠰ ᠠᠮᠢᠯᠠᠨ ᠬᠢᠨᠭ᠍ᠭᠠᠨ ᠨᠤᠳᠤᠬ ᠲᠤ ᠨᠡᠭᠦᠳᠡᠯ ᠤᠨ ᠰᠢᠪᠠᠭᠤ ᠪᠤᠴᠠᠵᠤ ᠥᠷᠭᠡᠨ ᠠᠭᠤᠳᠠᠮ ᠲᠠᠯ᠎ᠠ ᠨᠤᠲᠤᠭ ᠲᠤ ᠰᠢᠪᠠᠭᠤᠳ ᠰᠦᠷᠦᠭᠯᠡᠨ ᠴᠢᠯᠥᠭᠡᠲᠡᠶ ᠬᠠᠯᠢᠨ ᠡᠳᠡᠭᠡᠤᠨ ᠭᠤᠶᠦ ᠦᠵᠡᠮᠵᠢ ᠶᠢ ᠪᠦᠷᠢᠳᠦᠭᠦᠯᠤᠯ᠎ᠠ᠃ ᠠᠶᠠᠨ ᠤ ᠰᠢᠪᠠᠭᠤᠳ ᠵᠠᠷᠢᠮ ᠨᠢ ᠲᠣᠯᠣᠭᠠᠶ ᠪᠦᠬᠦᠶᠢᠨ ᠢᠳᠡᠰᠢ ᠡᠷᠢᠵᠦ᠂ ᠵᠠᠷᠢᠮ ᠨᠢ ᠳᠡᠪᠬᠡᠷᠦᠨ ᠪᠥᠵᠢᠭᠯᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠠᠮᠢ ᠠᠬᠤᠶ ᠶᠢᠨ ᠵᠢᠷᠤᠭ ᠲᠦᠷᠰᠦ ᠶᠢ ᠲᠡᠯᠭᠡᠵᠦ ᠤᠯᠠᠨ ᠬᠥᠮᠦᠰ ᠤᠨ ᠪᠠᠭ᠋ᠠᠷᠬᠠᠯ ᠢ ᠲᠠᠲᠠᠨ᠎ᠠ ᠪᠢᠯᠠ︕     ︽3 ᠰᠠᠷ᠎ᠠ ᠶᠢᠨ 10 ᠤ ᠡᠳᠦᠷ ᠤᠨ ᠣᠷᠴᠢᠮ ᠢᠶᠠᠷ ᠨᠡᠭᠦᠳᠡᠯ ᠤᠨ ᠰᠢᠪᠠᠭᠤᠳ ᠬᠦᠷᠴᠦ ᠢᠷᠡᠪᠡ᠂ ᠣᠳᠣ ᠨᠢᠭᠡᠨᠲᠡ 10 ᠲᠦᠮᠡ ᠶᠢ ᠳᠠᠪᠠᠵᠤ᠂ ᠣᠶᠢᠷ᠎ᠠ ᠶᠢᠨ ᠬᠡᠳᠦᠨ ᠡᠳᠦᠷ ᠲᠤ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠣᠷᠭᠢᠯ ᠦᠶ᠎ᠡ ᠪᠣᠯᠬᠤ ᠪᠣᠯᠤᠨ᠎ᠠ︾ ᠭᠡᠵᠦ ᠲᠡᠮᠡᠭᠡᠴᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠨ ᠴᠢᠶᠠᠨ ᠵᠢᠩ ᠬᠡᠯᠡᠪᠡ᠃ ᠣᠳᠣ ᠪᠣᠯᠲᠠᠯ᠎ᠠ ᠬᠠᠷᠢᠵᠤ ᠢᠷᠡᠭᠰᠡᠨ ᠨᠡᠭᠦᠳᠡᠯ ᠤᠨ ᠰᠢᠪᠠᠭᠤᠨ ᠳᠤ ᠲᠣᠭᠤᠳᠠᠭ᠂ ᠠᠯ ᠰᠡᠭᠦᠯ᠂ ᠴᠠᠭᠠᠨ ᠲᠣᠭᠤᠷᠤᠤ᠂ ᠳᠣᠷᠣᠨᠠᠳᠠᠬᠢᠨ ᠤ ᠴᠠᠭᠠᠨ ᠥᠷᠪᠢ᠂ ᠴᠠᠭᠠᠨ ᠬᠤᠨ᠂ ᠪᠣᠷᠣ ᠲᠣᠭᠤᠷᠤᠤ ᠵᠡᠷᠭᠡ ᠬᠤᠪᠣᠷ ᠴᠤᠬᠠᠭ ᠲᠥᠷᠥᠯ ᠵᠦᠢᠯ ᠪᠤᠶ᠂ ᠡᠭᠦᠨ ᠤ ᠳᠣᠲᠣᠷ᠎ᠠ ᠴᠠᠭᠠᠨ ᠲᠣᠭᠤᠷᠤᠤ 2500 ᠭᠠᠷᠤᠶ ᠪᠠᠶᠢᠵᠤ᠂ ᠪᠠᠷᠤᠭ ᠪᠦᠬᠦ ᠳᠡᠯᠡᠬᠡᠶ ᠶᠢᠨ ᠲᠣᠭᠠᠨ ᠤ ᠬᠠᠭᠠᠰ ᠢ ᠡᠵᠡᠯᠡᠨ᠎ᠡ᠃ ᠣᠷᠭᠢᠯ ᠤᠨ ᠦᠶ᠎ᠡ ᠪᠣᠯᠬᠤ ᠳᠤ᠂ ᠨᠡᠭᠦᠳᠡᠯ ᠤᠨ ᠰᠢᠪᠠᠭᠤᠨ ᠤ ᠲᠤᠭ᠎ᠠ 20 ᠭᠠᠷᠤᠶ ᠲᠦᠮᠡ ᠳᠤ ᠬᠦᠷᠬᠦ ᠪᠣᠯᠤᠨ᠎ᠠ᠃      ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ ᠪᠠᠶᠢᠷᠢᠯᠠᠵᠤ᠂ ᠥᠪᠥᠷ ᠮᠣᠩᠭᠤᠯ ᠤᠨ ᠲᠠᠯ᠎ᠠ ᠭᠠᠵᠠᠷ ᠤᠨ ᠠᠭᠤᠯᠵᠠᠷ ᠤᠨ ᠭᠠᠵᠠᠷ ᠪᠣᠯᠤᠨ᠎ᠠ᠃ ᠡ᠊ᠨᠳᠡᠬᠢ ᠤᠰᠤ ᠪᠡᠯᠴᠢᠭᠡᠷ ᠢᠭᠴᠤ ᠰᠠᠬᠤᠯᠢᠭ᠂ ᠨᠠᠭᠤᠷ ᠴᠥᠭᠦᠷᠥᠮ ᠴᠡᠪᠡᠷ ᠲᠤᠩᠭᠠᠯᠠᠭ᠂ ᠣᠯᠠᠨ ᠠᠴᠠ ᠣᠨᠴᠠᠭᠠᠶ ᠠᠮᠢ ᠠᠬᠤᠶ ᠶᠢᠨ ᠣᠷᠴᠢᠨ ᠲᠣᠭᠤᠷᠢᠨ ᠲᠠᠢ ᠪᠠᠶᠢᠳᠠᠭ ᠢᠶᠠᠷ ᠢᠶᠠᠨ ᠮᠠᠨ ᠤ ᠤᠯᠤᠰ ᠤᠨ ᠠᠩᠬᠠᠳᠠᠭᠴᠢ ᠲᠣᠭᠤᠳᠠᠭ ᠰᠢᠪᠠᠭᠤ ᠶᠢᠨ ᠦᠷᠡᠵᠢᠯ ᠢ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠤᠯᠵᠦ᠂ ᠣᠯᠠᠨ ᠰᠢᠪᠠᠭᠤᠳ ᠤᠨ ᠪᠠᠭ᠋ᠠᠷᠬᠠᠭᠴᠢᠳ ᠤᠨ ᠠᠩᠬᠠᠷᠤᠯ ᠢ ᠲᠠᠲᠠᠵᠠᠶ᠃      ᠪᠦᠷᠢᠳᠭᠡᠯ ᠠᠴᠠ ᠦᠵᠡᠪᠡᠯ᠂ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠲᠣ 303 ᠲᠥᠷᠥᠯ ᠤᠨ ᠰᠢᠪᠠᠭᠤᠨ ᠪᠣᠶ᠂ ᠡᠭᠦᠨ ᠳᠤ ᠬᠤᠪᠣᠷ ᠴᠤᠬᠠᠭ ᠲᠥᠷᠥᠯ ᠵᠦᠢᠯ ᠮᠠᠰᠢ ᠣᠯᠠᠨ᠃ ᠲᠣᠭᠤᠳᠠᠭ᠂ ᠠᠯ ᠰᠡᠭᠦᠯ᠂ ᠴᠠᠭᠠᠨ ᠲᠣᠭᠤᠷᠤᠤ ᠵᠡᠷᠭᠡ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠰᠢᠪᠠᠭᠤᠨ ᠤ ᠲᠥᠷᠥᠯ ᠨᠡᠶᠢᠲᠡ 24 ᠵᠦᠢᠯ ᠪᠠᠶᠢᠵᠤ᠂ ᠡᠨᠡ ᠬᠦ ᠨᠤᠲᠤᠭ ᠳᠡᠪᠢᠰᠭᠡᠷ ᠳᠡᠭᠡᠷ᠎ᠡ ᠦᠷᠡᠵᠢᠵᠦ ᠪᠤᠢ᠃ ᠡᠭᠦᠨ ᠠᠴᠠ ᠭᠠᠳᠠᠨ᠎ᠠ ᠪᠠᠰᠠ ᠴᠠᠭᠠᠨ ᠲᠣᠭᠤᠷᠤᠤ᠂ ᠬᠠᠯᠢᠭᠤᠨ ᠭᠠᠯᠠᠭᠤ ᠵᠡᠷᠭᠡ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠰᠢᠪᠠᠭᠤᠨ ᠤ ᠲᠥᠷᠥᠯ 54 ᠪᠠᠶᠢᠵᠤ᠂ ᠬᠠᠮᠠᠭᠠᠯᠠᠯᠲᠠ ᠶᠢᠨ ᠣᠷᠣᠨ ᠤ ᠡᠯᠪᠡᠭ ᠪᠠᠶᠠᠯᠢᠭ ᠣᠯᠠᠨ ᠶᠠᠩᠵᠤ ᠶᠢᠨ ᠰᠢᠪᠠᠭᠤᠨ ᠤ ᠲᠥᠷᠥᠯ ᠤᠨ ᠠᠮᠢ ᠠᠬᠤᠶ ᠶᠢ ᠪᠦᠷᠢᠯᠳᠦᠭᠦᠯᠦᠭᠰᠡᠨ ᠪᠠᠶᠢᠨ᠎ᠠ᠃      ᠵᠢᠯ ᠪᠦᠷᠢ ᠶᠢᠨ ᠨᠡᠭᠦᠳᠡᠯ ᠤᠨ ᠰᠢᠪᠠᠭᠤᠤᠨ ᠬᠦᠷᠴᠦ ᠢᠷᠡᠬᠦ ᠳᠤ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨ ᠤᠬᠠᠭᠤᠯᠬᠤ᠂ ᠲᠣᠭᠤᠷᠢᠨ ᠪᠠᠶᠢᠴᠠᠭᠠᠬᠤ ᠪᠠ ᠬᠢᠨᠠᠨ ᠬᠡᠮᠵᠢᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠮᠢᠶᠠᠷᠤᠨ ᠬᠠᠮᠠᠭᠠᠯᠠᠬᠤ ᠰᠢᠰᠲ᠋ᠧᠮ ᠢ ᠪᠣᠶ ᠪᠣᠯᠭᠠᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠨᠡᠭᠦᠳᠡᠯ ᠤᠨ ᠰᠢᠪᠠᠭᠤᠤᠨ ᠤᠨ ᠠᠮᠤᠷ ᠲᠦᠪᠰᠢᠨ ᠨᠡᠭᠦᠳᠡᠯᠯᠡᠬᠦ ᠳᠤ ᠪᠠᠳᠦ ᠰᠠᠭᠤᠷᠢ ᠶᠢ ᠲᠠᠯᠪᠢᠨ ᠦᠭᠴᠦ ᠪᠤᠢ᠃     ᠰᠢᠪᠠᠭᠤ ᠶᠢ ᠰᠠᠬᠢᠨ ᠬᠠᠮᠠᠭᠠᠯᠠᠬᠤ ᠶᠠᠪᠤᠴᠠ ᠳᠤ᠂ ᠠᠵᠢᠯᠲᠠᠳ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠬᠤ ᠳᠣᠷᠣᠨᠠᠳᠠᠬᠢᠨ ᠤ ᠴᠠᠭᠠᠨ ᠥᠷᠪᠢ ᠥᠨᠳᠥᠷ ᠭᠠᠵᠠᠷ ᠲᠤ ᠡᠭᠦᠷ ᠪᠠᠷᠢᠬᠤ ᠳᠤᠷᠠᠲᠠᠶ ᠵᠠᠩᠰᠢᠯ ᠳᠤ ᠴᠢᠭᠯᠡᠭᠦᠯᠦᠨ᠂ ᠬᠠᠮᠠᠭᠠᠯᠠᠯᠲᠠ ᠶᠢᠨ ᠣᠷᠣᠨ ᠤ ᠣᠯᠠᠩᠬᠢ ᠨᠢ ᠲᠠᠯ᠎ᠠ ᠭᠠᠵᠠᠷ᠂ ᠨᠠᠮᠤᠭ ᠭᠠᠵᠠᠷ ᠪᠠᠶᠢᠬᠤ ᠶᠢ ᠪᠣᠳᠣᠯᠬᠢᠯᠠᠵᠤ᠂ ᠳᠣᠷᠣᠨᠠᠳᠠᠬᠢᠨ ᠤ ᠴᠠᠭᠠᠨ ᠥᠷᠪᠢ ᠶᠢᠨ ᠢᠳᠡᠰᠢ ᠡᠯᠪᠡᠭ ᠭᠠᠵᠠᠷ ᠲᠤ ᠬᠥᠮᠦᠨ ᠤ ᠬᠦᠴᠦ ᠪᠠᠷ ᠡᠭᠦᠷ ᠪᠠᠷᠢᠵᠤ ᠦᠭᠭᠦᠨ᠂ ᠳᠣᠷᠣᠨᠠᠳᠠᠬᠢᠨ ᠤ ᠴᠠᠭᠠᠨ ᠥᠷᠪᠢ ᠶᠢᠨ ᠦᠷᠡᠵᠢᠯ ᠤᠨ ᠰᠦᠷᠦᠭ ᠢ ᠬᠠᠮᠠᠭᠠᠯᠠᠭᠰᠠᠨ ᠪᠠᠶᠢᠨ᠎ᠠ᠃    ︽2015 ᠣᠨ ᠠᠴᠠ ᠡᠬᠢᠯᠡᠨ ᠪᠢᠳᠡ ᠬᠥᠮᠦᠨ ᠤ ᠬᠦᠴᠦ ᠪᠠᠷ ᠡᠭᠦᠷ ᠪᠠᠷᠢᠵᠦ᠂ ᠣᠳᠣ ᠪᠣᠯᠲᠠᠯ᠎ᠠ 20 ᠰᠢᠬᠠᠮ ᠰᠢᠪᠠᠭᠤᠨ ᠡᠭᠦᠷ ᠪᠠᠷᠢᠵᠤ ᠳᠠᠭᠤᠰᠬᠠᠭᠰᠠᠨ ᠪᠠᠶᠢᠵᠦ᠂ ᠡᠭᠦᠨ ᠤ ᠳᠣᠲᠣᠷᠠᠬᠢ 12 ᠡᠭᠦᠷ ᠢ ᠨᠢ ᠣᠳᠣ ᠶᠠᠭ ᠬᠡᠷᠡᠭᠯᠡᠵᠦ ᠪᠠᠶᠢᠨ᠎ᠠ᠃ ᠨᠡᠭᠦᠳᠡᠯ ᠤᠨ ᠰᠢᠪᠠᠭᠤᠳ ᠤᠨ ᠨᠡᠭᠦᠳᠡᠯ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠳᠣᠷᠣᠨᠠᠳᠠᠬᠢᠨ ᠤ ᠴᠠᠭᠠᠨ ᠥᠷᠪᠢ ᠡᠲᠡᠭᠡᠷ ᠬᠥᠮᠦᠨ ᠤ ᠬᠦᠴᠦ ᠪᠠᠷ ᠪᠠᠷᠢᠨᠨᠰᠠᠨ ᠡᠭᠦᠷ ᠲᠤ ᠣᠷᠣᠵᠤ ᠰᠠᠭᠤᠬᠤ ᠨᠢ ᠶᠠᠪᠤᠬᠤ ᠲᠤᠲᠤᠮ ᠣᠯᠠᠰᠢᠷᠠᠵᠤ ᠪᠠᠶᠢᠨ᠎ᠠ᠃ ᠪᠢᠳᠡ ᠪᠠᠰᠠ ᠪᠣᠳᠠᠲᠤ ᠬᠡᠷᠡᠭᠴᠡᠭᠡ ᠪᠠᠨ ᠦᠨᠳᠦᠰᠦᠯᠡᠵᠦ᠂ ᠦᠷᠭᠦᠯᠵᠢᠯᠡᠨ ᠨᠠᠩ ᠣᠯᠠᠨ ᠬᠥᠮᠦᠨ ᠤ ᠬᠦᠴᠦ ᠪᠠᠷ ᠡᠭᠦᠷ ᠨᠡᠮᠡᠨ ᠪᠠᠷᠢᠵᠦ᠂ ᠡᠨᠡ ᠬᠦ ᠬᠤᠪᠣᠷ ᠴᠤᠬᠠᠭ ᠰᠢᠪᠠᠭᠤᠨ ᠤ ᠲᠥᠷᠥᠯ ᠢ ᠨᠠᠩ ᠰᠠᠶᠢᠨ ᠬᠠᠮᠠᠭᠠᠯᠠᠨ᠎ᠠ︾ ᠭᠡᠵᠦ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡᠨ ᠤ ᠳᠠᠷᠤᠭ᠎ᠠ ᠪᠦᠦ ᠵᠤᠸᠠᠩ ᠬᠡᠯᠡᠪᠡ᠃
                                ᠪᠢᠯᠢᠭ  ᠳ᠋ᠦᠩ ᠯᠢ ᠫᠢᠩ  ᠪᠤᠶᠠᠨᠳᠡᠯᠭᠡᠷ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号