ᠢᠨᠳᠡᠷ ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠵᠢᠯᠴᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ‌‍ᠶᠢᠨ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/18
       ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠤᠨ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 16 ᠤ ᠡᠳᠦᠷ᠂ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠢᠨ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶᠠᠨ ᠳᠤ ᠢᠷᠡᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠠᠵᠢᠯ ᠢ ᠵᠣᠯᠭᠠᠭᠤᠯᠪᠠ᠃       ᠬᠤᠷᠠᠯ ᠳᠡᠭᠡᠷ᠎ᠡ᠂ ᠢᠨᠳᠡᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠣᠳᠣᠬᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠲᠠᠨᠢᠯᠴᠠᠭᠤᠯᠤᠭᠰᠠᠨ ᠪᠥᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠨ᠎ᠡ ᠭᠡᠵᠦ ᠢᠯᠡᠷᠬᠡᠶᠢᠯᠡᠪᠡ᠂ ᠳᠠᠷᠠᠭ᠎ᠠ ᠨᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠪᠣᠳᠠᠲᠠᠢ ᠶᠠᠪᠤᠴᠠ ᠪᠠ ᠠᠩᠬᠠᠷᠬᠤ ᠵᠦᠢᠯᠡᠰ ᠢ ᠨᠠᠷᠢᠨ ᠲᠣᠳᠣᠷᠬᠠᠶᠢᠯᠠᠪᠠ᠃        ᠲᠤᠰ ᠬᠤᠷᠠᠯ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠬᠦᠴᠦᠯᠡᠬᠦ ᠴᠡᠭ ᠢ ᠣᠨᠣᠪᠴᠢᠲᠠᠶ ᠡᠷᠢᠵᠦ ᠣᠯᠬᠤ ᠶᠢᠨ ᠬᠠᠮᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠦᠨᠳᠦᠰᠦᠨ ᠱᠠᠲᠤ ᠲᠡᠰᠢ  ᠣᠷᠲᠣᠭᠬᠠᠨ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠪᠡ ᠃ ᠲᠠᠷᠠᠭᠠᠴᠢ ᠶᠢᠨ ᠠᠯᠬᠤᠮ ᠳᠤ᠂ ᠢᠨᠳᠡᠷ ᠪᠠᠯᠭᠠᠰᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠦᠷᠭᠦᠯᠵᠢᠯᠡᠨ ᠰᠠᠶᠢᠲᠤᠷ ᠬᠢᠨᠠᠯᠲᠠ ᠲᠠᠯᠪᠢᠨ᠂ ᠰᠢᠨ᠎ᠡ ᠴᠠᠭ ᠦᠶ᠎ᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠠᠶᠢᠲᠤᠷ ᠬᠢᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠢᠨᠳᠡᠷ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ ᠭᠡᠵᠡᠢ᠃
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号