ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠡᠨ ᠴᠢᠳᠠᠮᠠᠭᠠᠢ ᠪᠠᠷ ᠵᠢᠳᠬᠦᠵᠦ ᠶᠠᠪᠤᠭ᠎ᠠ ᠰᠦᠨ ᠴᠢ ᠮᠢᠩ
ᠨᠡᠶᠢᠲᠡᠯᠡᠭᠰᠡᠨ ᠴᠠᠭ᠄
2024/4/18
     ᠴᠡᠷᠢᠭ ᠤᠨ ᠬᠤᠪᠴᠠᠰᠦ ᠡᠮᠦᠰᠤᠨ ᠤᠯᠤᠰ ᠤᠷᠤᠨ ᠢᠶᠠᠨ ᠪᠠᠳᠤᠯᠠᠨ ᠬᠠᠮᠠᠭᠠᠯᠠᠬᠰᠠ ᠴᠤ ᠳᠡᠷᠡ᠂ ᠴᠡᠷᠢᠭ ᠠᠴᠠ ᠬᠠᠯᠠᠬᠳᠠᠵᠦ ᠦᠨᠳᠤᠰᠤᠨ ᠱᠠᠳᠤᠨ ᠤ ᠡᠮᠦᠨ᠎ᠠ ᠹᠷᠤᠨᠲ ᠲᠤ ᠬᠦᠷᠴᠦ ᠦᠢᠯᠡᠴᠢᠯᠡᠭᠰᠡᠨ ᠴᠤ ᠳᠡᠷᠡ᠂ ᠶᠡᠷᠦ ᠨᠢ ᠴᠡᠷᠢᠭ ᠬᠦᠮᠦᠨ ᠤ ᠬᠦᠴᠢᠷ ᠢ ᠰᠦᠷᠤᠨ ᠤᠷᠤᠬᠰᠢᠯᠠᠵᠦ᠂ ᠢᠯᠠᠭᠤᠬᠰᠠᠨ ᠳᠠᠶᠢᠨ ᠬᠢᠬᠦ ᠵᠤᠷᠢᠬ ᠰᠠᠨᠠᠭ᠎ᠠ ᠶᠢ ᠪᠠᠳᠠᠷᠠᠭᠤᠯᠤᠨ ᠦᠨᠡᠨᠴᠢ ᠰᠢᠳᠤᠷᠭᠤ ᠪᠠᠷ ᠨᠠᠮ ᠪᠠ ᠠᠷᠠᠳ ᠲᠦᠮᠡᠨ ᠳᠡᠭᠡᠨ ᠦᠢᠯᠡᠴᠢᠯᠡᠳᠡᠭ᠃ ᠳᠡᠷᠡ ᠪᠤᠯ ᠳᠠᠷᠤᠢ ᠵᠠᠯᠠᠶᠢᠳ ᠬᠤᠰᠢᠭᠤᠨ ᠤ ᠡᠬᠦᠯᠳᠡᠷ ᠤᠨ ᠮᠠᠯ ᠢ ᠦᠷᠡᠵᠢᠬᠦᠯᠤᠨ ᠪᠤᠶᠢᠵᠢᠭᠤᠯᠬᠤ ᠲᠦᠪ ᠤᠨ ᠠᠵᠢᠯᠳᠡᠨ ᠰᠦᠨ ᠴᠢ ᠮᠢᠩ ᠪᠤᠯᠤᠨ᠎ᠠ᠃     ᠰᠦᠨ ᠴᠢ ᠮᠢᠩ᠂ 1998 ᠤᠨ ᠳᠤ ᠬᠢᠷᠢᠨ ᠮᠤᠵᠢ ᠶᠢᠨ ᠠᠭᠠᠷ ᠤᠨ ᠠᠶᠠᠯᠠᠯ ᠤᠨ ᠨᠢᠰᠴᠦ ᠪᠠᠭᠤᠬᠤ ᠶᠡᠭᠡ ᠠᠩᠬᠢ ᠶᠢᠨ ᠴᠡᠷᠢᠭ ᠠᠴᠠ ᠬᠠᠯᠠᠬᠳᠠᠵᠦ᠂ ᠵᠠᠯᠠᠶᠢᠳ ᠬᠤᠰᠢᠭᠤᠨ ᠤ ᠡᠬᠦᠯᠳᠡᠷ ᠤᠨ ᠮᠠᠯ ᠢ ᠦᠷᠡᠵᠢᠬᠦᠯᠤᠨ ᠪᠤᠶᠢᠵᠢᠭᠤᠯᠬᠤ ᠲᠦᠪ ᠲᠤ ᠬᠦᠷᠴᠦ ᠠᠵᠢᠯᠯᠠᠬᠰᠠᠨ ᠪᠠᠶᠢᠨ᠎ᠠ᠃ ᠳᠤᠬᠠᠢ ᠶᠢᠨ ᠦᠶ᠎ᠠ ᠳᠤ ᠡᠬᠦᠯᠳᠡᠷ ᠤᠨ ᠮᠠᠯ ᠢ ᠦᠷᠡᠵᠢᠬᠦᠯᠤᠨ ᠪᠤᠶᠢᠵᠢᠭᠤᠯᠬᠤ ᠲᠦᠪ ᠨᠢ ᠦᠷ᠎ᠠ ᠶᠢᠨ ᠮᠠᠯ ᠤᠨ ᠳᠠᠯᠠᠪᠠᠢ ᠭᠡᠰᠡᠨ ᠨᠠᠷ᠎ᠠ ᠲᠠᠢ ᠪᠠᠶᠢᠵᠦ᠂ ᠦᠭᠡᠷ ᠬᠤᠨᠢ ᠳᠡᠵᠢᠭᠡᠵᠦ ᠪᠠᠶᠢᠬᠰᠠᠨ ᠮᠦᠷᠳᠡᠭᠡᠨ ᠳᠠᠷᠢᠶ᠎ᠠ ᠳᠠᠷᠢᠵᠦ ᠪᠠᠶᠢᠯ᠎ᠠ᠃ ᠰᠦᠨ ᠴᠢ ᠮᠢᠩ ᠤᠨ ᠡᠳᠦᠷ ᠳᠤᠳᠤᠮ ᠤᠨ ᠠᠵᠢᠯ ᠭᠡᠪᠡᠯ ᠦᠭᠡᠷ ᠬᠤᠨᠢ ᠠᠷᠠᠴᠢᠯᠡᠨ ᠳᠡᠵᠢᠭᠡᠬᠦ᠂ ᠡᠰᠡᠬᠦᠯ᠎ᠠ ᠳᠠᠷᠢᠶᠠᠯᠠᠩ ᠤᠨ ᠮᠠᠰᠢᠨ ᠢ ᠰᠡᠯᠪᠢᠨ ᠵᠠᠰᠠᠬᠤ ᠵᠢᠴᠢ ᠳᠠᠯᠠᠪᠠᠢ ᠶᠢᠨ ᠠᠷᠰᠠᠷ ᠠᠵᠢᠯ ᠢ ᠬᠢᠵᠦ ᠪᠠᠶᠢᠵᠠᠢ᠃     ︽ᠰᠦᠨ ᠠᠪᠠᠭ᠎ᠠ ᠡ︕ ᠤᠬᠢᠶᠠᠯᠠᠭ᠎ᠠ ᠶᠢᠨ ᠭᠠᠵᠠᠷ ᠤᠨ ᠤᠰᠤᠨ ᠬᠤᠭᠤᠯᠠᠢ ᠲᠦᠭᠵᠢᠷᠡᠯ᠎ᠠ︾᠂ ︽ᠰᠦᠨ ᠠᠬ᠎ᠠ ᠡ︕ ᠴᠠᠰᠦ ᠤᠷᠤᠯ᠎ᠠ᠂ ᠤᠳᠬᠤᠭᠤᠷ ᠳᠡᠷᠭᠡ ᠶᠢ ᠵᠢᠯᠤᠭᠤᠳᠤᠨ ᠴᠠᠰᠦ ᠶᠢ ᠠᠷᠢᠯᠭᠠᠬᠤ ᠪᠤᠯᠪᠠ ᠤᠤ︾᠂ ︽ᠰᠦᠨ ᠠᠬ᠎ᠠ ᠡ︕ ᠮᠠᠰᠢᠨ ᠵᠢᠯᠤᠭᠤᠳᠤᠨ ᠭᠠᠴᠠᠭ᠎ᠠ ᠳᠤᠰᠬᠤᠨ ᠢᠶᠠᠷ ᠬᠦᠨᠵᠡᠭᠡᠶᠢᠷᠡᠶ᠎ᠠ︾ ᠭᠡᠬᠦ ᠮᠡᠳᠦ ᠪᠠᠷ ᠳᠡᠷᠡ ᠪᠠᠶᠢᠭᠤᠯᠭ᠎ᠠ ᠶᠢᠨ ᠢᠶᠠᠨ ᠨᠢᠭᠡᠨ ᠭᠡᠰᠡᠭ ︽ᠳᠤᠭᠤᠰᠬ᠎ᠠ︾ ᠪᠤᠯᠵᠦ᠂ ᠬᠠᠮᠢᠭ᠎ᠠ ᠨᠢ ᠭᠡᠷᠡᠭᠴᠡᠭᠡ ᠱᠠᠭᠠᠷᠳᠠᠯᠭ᠎ᠠ ᠲᠠᠢ ᠪᠤᠯ ᠳᠡᠨᠳᠡ ᠨᠢ ᠬᠦᠷᠴᠦ ᠦᠭᠡ ᠳᠠᠭᠤᠨ ᠦᠭᠡᠢ ᠠᠵᠢᠯᠯᠠᠵᠦ᠂ ᠪᠦᠷᠢᠨ ᠴᠢᠳᠠᠪᠤᠷᠢᠳᠦ ︽ᠦᠢᠯᠡᠴᠢᠯᠡᠭᠴᠢ︾ ᠪᠤᠯᠤᠬᠰᠠᠨ ᠪᠠᠶᠢᠨ᠎ᠠ᠃     ᠡᠮᠦᠨ᠎ᠠ ᠭᠡᠳᠤᠨ ᠵᠢᠯ᠂ ᠳᠡᠷᠡ ᠨᠡᠬᠦᠳᠡᠯ ᠠᠷᠠᠳ ᠤᠨ ᠠᠯᠪᠠᠨ ᠭᠡᠷ ᠤᠨ ᠠᠵᠢᠯ ᠢ ᠬᠠᠷᠢᠭᠤᠴᠠᠬᠰᠠᠨ ᠪᠠᠶᠢᠨ᠎ᠠ᠃ ᠭᠡᠳᠦ᠋ᠢᠪᠡᠷ ᠨᠡᠬᠦᠳᠡᠯ ᠠᠷᠠᠳ ᠤᠨ ᠠᠵᠢᠯ ᠨᠢ ᠶᠠᠷᠰᠢᠬ ᠲᠦᠪᠡᠭ ᠲᠠᠢ ᠪᠤᠯᠪᠠᠴᠦ ᠳᠡᠷᠡ ᠬᠠᠷᠢᠭᠤᠴᠠᠯᠭᠠᠳᠦ ᠰᠡᠳᠬᠢᠯᠭᠡ ᠂ ᠬᠦᠯᠢᠴᠠᠩᠬᠦᠢ ᠤᠪᠤᠷ ᠢᠶᠠᠷ ᠤᠯᠠᠨ ᠲᠦᠮᠡᠨ ᠳᠤ ᠬᠠᠮᠢᠶ᠎ᠠ ᠪᠦᠬᠦᠢ ᠨᠦᠬᠦᠪᠦᠷᠢ ᠶᠢᠨ ᠠᠷᠭ᠎ᠠ ᠭᠡᠮᠵᠢᠶ᠎ᠠ ᠲᠦᠷᠦ ᠶᠢᠨ ᠪᠤᠳᠤᠯᠭ᠎ᠠ ᠵᠡᠷᠭᠡ ᠶᠢ ᠤᠯᠠᠮᠵᠢᠯᠠᠨ᠂ ᠨᠡᠬᠦᠳᠡᠯ ᠠᠷᠠᠳ ᠤᠨ ᠡᠷᠭᠡ ᠠᠰᠢᠬ ᠢ ᠬᠠᠮᠤᠬ ᠤᠨ ᠶᠡᠭᠡ ᠭᠡᠮᠵᠢᠶ᠎ᠠ ᠪᠠᠷ ᠬᠠᠮᠠᠭᠠᠯᠠᠵᠦ᠂ ᠪᠦᠬᠦᠳᠡ ᠤᠯᠠᠨ ᠤ ᠮᠠᠬᠳᠠᠭᠠᠯ ᠰᠠᠶᠢᠰᠢᠶᠠᠯ ᠢ ᠤᠯᠵᠦ᠂ ᠢᠳᠡᠭᠡᠯ ᠬᠦᠨᠳᠦ ᠲᠠᠢ ᠶᠠᠪᠤᠬᠰᠠᠨ ᠪᠠᠶᠢᠯ᠎ᠠ᠃     ᠠᠵᠢᠯ ᠬᠢᠪᠡᠯ ᠳᠠᠭᠤᠰᠳᠠᠯ᠎ᠠ᠂ ᠳᠠᠪᠤᠰᠦ ᠬᠢᠪᠡᠯ ᠠᠭᠤᠰᠳᠠᠯ᠎ᠠ ᠭᠡᠳᠡᠭ ᠢᠶᠠᠷ ᠰᠦᠨ ᠴᠢ ᠮᠢᠩ ᠨᠠᠬᠦᠳᠡᠯ ᠠᠷᠠᠳ ᠢ ᠨᠡᠬᠦᠯᠭᠡᠬᠦ ᠠᠵᠢᠯ ᠢ ᠠᠮᠵᠢᠯᠳᠠ ᠲᠠᠢ ᠰᠠᠶᠢᠬᠠᠨ ᠳᠠᠭᠤᠰᠬᠠᠬᠰᠠᠨ ᠮᠦᠷᠳᠡᠭᠡᠨ ᠨᠡᠬᠦᠯᠭᠡᠭᠰᠡᠨ ᠤ ᠳᠠᠷᠠᠭᠠᠬᠢ ᠲᠦᠪᠬᠢᠨᠡᠬᠦᠯᠬᠦ ᠠᠵᠢᠯ ᠢ ᠴᠤ ᠬᠠᠷᠢᠭᠤᠴᠠᠨ ᠬᠢᠭᠰᠡᠨ ᠪᠠᠶᠢᠨ᠎ᠠ᠃ ᠳᠡᠷᠡ ᠪᠠᠴᠢᠮ ᠪᠠᠶᠢᠳᠡᠯ ᠢ ᠠᠷᠭᠠᠴᠠᠭᠠᠬᠤ ᠠᠯᠪᠠᠨ ᠭᠡᠷ ᠤᠨ ᠡᠷᠬᠢᠯᠡᠭᠴᠢ ᠶᠢᠨ ᠬᠤᠪᠢ ᠪᠠᠷ᠂ ᠵᠤᠨ ᠤ ᠤᠯᠠᠷᠢᠯ ᠤᠨ ᠠᠭᠠᠬᠢᠮ᠎ᠠ ᠬᠠᠯᠠᠭᠤᠨ ᠳᠤ ᠪᠠᠶᠢᠭᠤᠯᠭ᠎ᠠ ᠶᠢᠨ ᠨᠠᠮ ᠤᠨ ᠭᠡᠰᠢᠬᠦᠨ ᠺᠠᠳ᠋ᠷ ᠠᠵᠢᠯᠳᠡᠨ᠂ ᠴᠡᠪᠡᠷᠯᠡᠭᠴᠢ᠂ ᠤᠢ ᠶᠢᠨ ᠬᠠᠮᠠᠭᠠᠯᠠᠬᠴᠢ ᠵᠡᠷᠭᠡ ᠶᠢ ᠳᠠᠶᠢᠴᠢᠯᠡᠨ ᠳᠠᠭᠠᠭᠤᠯᠵᠦ ᠂ ᠬᠦᠳᠡᠭᠡ ᠳᠤᠰᠬᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠠᠵᠢᠯ ᠢ ᠦᠷᠨᠢᠬᠦᠯᠤᠨ᠂ ᠭᠠᠴᠠᠭ᠎ᠠ ᠳᠤᠰᠬᠤᠨ ᠤ ︽ᠪᠤᠵᠠᠷ ᠪᠤᠬᠢᠷᠳᠤᠬ᠂ ᠡᠮᠬᠢ ᠲᠢᠭᠯᠢᠮ ᠦᠭᠡᠢ︾ ᠪᠠᠶᠢᠳᠡᠯ ᠢ ᠴᠡᠭᠴᠡᠯᠡᠨ ᠵᠠᠰᠠᠵᠦ ᠳᠠᠭᠠᠯᠠᠮᠵᠢᠳᠠᠢ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠬᠠᠨᠭ᠍ᠭᠠᠵᠠᠢ᠃ ᠮᠦᠨ ᠴᠤ ᠡᠪᠤᠯ ᠤᠨ ᠤᠯᠠᠷᠢᠯ ᠤᠨ ᠳᠡᠰᠬᠢᠮ᠎ᠠ ᠬᠦᠢᠳᠡᠨ ᠳᠤ᠂ ᠪᠠᠴᠢᠮ ᠪᠠᠶᠢᠳᠡᠯ ᠢ ᠠᠷᠭᠠᠴᠠᠭᠠᠬᠤ ᠳᠤᠭᠤᠶᠢᠯᠠᠩ ᠤᠨ ᠭᠡᠰᠢᠬᠦᠳ ᠢᠶᠠᠨ ᠳᠠᠭᠠᠭᠤᠯᠤᠨ᠂ ᠭᠠᠴᠠᠭ᠎ᠠ ᠳᠤᠰᠬᠤᠨ ᠤ ᠤᠰᠤᠨ ᠬᠤᠭᠤᠯᠠᠢ ᠨᠢ ᠬᠦᠯᠳᠡᠨ ᠳᠡᠯᠪᠡᠷᠡᠭᠰᠡᠨ᠂ ᠳᠤᠯᠠᠭᠠᠯᠠᠭ᠎ᠠ ᠶᠢᠨ ᠪᠠᠭᠠᠵᠢ ᠭᠡᠷᠡᠭᠰᠡᠯ ᠡᠪᠳᠡᠷᠡᠭᠰᠡᠨ ᠵᠡᠷᠭᠡ ᠪᠠᠶᠢᠳᠡᠯ ᠳᠤ ᠴᠢᠭᠯᠡᠬᠦᠯᠤᠨ ᠵᠠᠰᠠᠨ ᠰᠠᠯᠪᠢᠬᠦ᠂ ᠠᠮᠤᠷ ᠲᠦᠪᠰᠢᠨ ᠤ ᠭᠡᠮ ᠰᠤᠭᠤᠬ ᠢ ᠠᠷᠢᠯᠭᠠᠬᠤ ᠠᠵᠢᠯ ᠢ ᠰᠠᠶᠢᠳᠤᠷ ᠬᠢᠵᠦ᠂ ᠤᠯᠠᠨ ᠲᠦᠮᠡᠨ ᠤ ᠭᠡᠪ ᠤᠨ ᠠᠮᠢᠳᠤᠷᠠᠯ ᠢ ᠪᠠᠳᠤᠯᠠᠨ᠂ ᠵᠤᠯ ᠵᠢᠷᠭᠠᠯᠳᠦ ᠲᠦᠷᠦᠭᠳᠡᠯ ᠢ ᠨᠢ ᠨᠡᠮᠡᠭᠳᠡᠬᠦᠯᠪᠡ᠃      ︽ᠴᠡᠷᠢᠭ ᠠᠴᠠ ᠬᠠᠯᠠᠬᠳᠠᠬᠰᠠᠳ ᠪᠡᠶ᠎ᠠ ᠪᠠᠨ ᠳᠠᠭᠠᠭᠠᠵᠦ ᠠᠵᠢᠯ ᠰᠤᠩᠭᠤᠬᠰᠠᠨ ᠤ ᠳᠠᠷᠠᠭ᠎ᠠ᠂ ᠦᠷᠬᠦᠯᠵᠢᠯᠡᠨ ᠤᠯᠤᠰ ᠤᠷᠤᠨ ᠳᠠᠭᠠᠨ ᠦᠪᠡᠷ ᠤᠨ ᠬᠤᠪᠢ ᠨᠡᠮᠡᠷᠢ ᠪᠠᠨ ᠦᠵᠡᠬᠦᠯᠬᠦ ᠨᠢ ᠮᠠᠰᠢ ᠶᠡᠭᠡ ᠠᠴᠢ ᠬᠤᠯᠪᠤᠬᠳᠠᠯ ᠲᠠᠢ︾ ᠭᠡᠵᠦ ᠶᠡᠷᠦᠩᠭᠡᠢ ᠱᠦᠵᠢ ᠰᠢ ᠶᠢᠨ ᠫᠢᠡᠭ ᠶᠠᠷᠢᠬᠰᠠᠨ ᠪᠠᠶᠢᠨ᠎ᠠ᠃ ᠰᠦᠨ ᠴᠢ ᠮᠢᠩ ᠪᠤᠯ ᠳᠠᠷᠤᠢ ᠳᠡᠳᠡᠭᠡᠷ ᠤᠨ ᠳᠤᠳᠤᠷᠠᠬᠢ ᠨᠢᠭᠡ ᠨᠢ ᠪᠤᠯᠬᠤ ᠶᠤᠮ᠂ ᠳᠡᠷᠡ ᠦᠪᠡᠷ ᠤᠨ ᠪᠤᠳᠠᠳᠤ ᠦᠢᠯᠠ ᠠᠵᠢᠯᠯᠠᠭ᠎ᠠ ᠪᠠᠷ ᠢᠶᠠᠨ ︽ᠨᠠᠰᠤᠨ ᠳᠤᠷᠰᠢᠳᠠ ᠤᠯᠠᠨ ᠲᠦᠮᠡᠨ ᠳᠤ ᠦᠢᠯᠡᠴᠢᠯᠡᠬᠦ︾ ᠳᠠᠩᠭᠠᠷᠢᠬ ᠢᠶᠠᠨ ᠦᠢᠯᠡᠳᠤᠯᠭᠡᠵᠢᠬᠦᠯᠤᠨ᠂ ᠨᠡᠶᠢᠭᠡᠮ ᠪᠤᠯᠤᠨ ᠤᠯᠤᠰ ᠤᠷᠤᠨ ᠤ ᠶᠡᠭᠡ ᠬᠦᠭᠵᠢᠯᠳᠠ ᠳᠤ ᠦᠴᠦᠭᠡᠨ ᠴᠤ ᠭᠡᠰᠡᠨ ᠬᠤᠪᠢ ᠨᠠᠮᠡᠷᠢ ᠪᠠᠨ ᠦᠵᠡᠬᠦᠯᠵᠦ᠂ ᠨᠠᠩ ᠤᠯᠠᠨ ᠳᠡᠷᠭᠡᠳᠡᠬᠢ ᠬᠦᠮᠦᠰ ᠲᠤ ᠭᠡᠪ ᠳᠠᠭᠤᠷᠢᠶᠠᠯ ᠦᠵᠡᠬᠦᠯᠵᠦ ᠪᠠᠶᠢᠭ᠎ᠠ ᠶᠤᠮ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号