ᠵᠠᠯᠠᠶᠢᠳ ᠬᠤᠰᠢᠭᠤ ᠭᠥᠸᠧ ᠵᠢᠢ ᠢ ᠯᠦᠩ ︵ᠹᠥᠸᠧ ᠱᠠᠨ ︶ ᠡᠨᠧᠷᠭᠢ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/4/18
        4 ᠰᠠᠷ᠎ᠠ ᠶᠢᠨ 17 ᠤ ᠡᠳᠦᠷ ᠂ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠭᠥᠸᠧ ᠵᠢᠢ ᠢ ᠯᠦᠩ ᠡᠨᠧᠷᠭᠢ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃  ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ᠂ ᠭᠥᠸᠧ ᠵᠢᠢ ᠢ ᠯᠦᠩ ᠡᠨᠧᠷᠭᠢ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠠᠢ ᠵᠢᠶᠦ᠋ᠨ ᠬᠡᠯᠡᠯᠴᠡᠭᠡᠷ ᠲᠣᠭᠲᠠᠬᠤ ᠶᠤᠰᠤᠯᠠᠯ ᠳᠤ ᠤᠷᠤᠯᠴᠠᠪᠠ᠃ᠵᠠᠯᠠᠶᠢᠳ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠬᠤᠰᠢᠭᠤᠨ ᠤ ᠵᠠᠰᠠᠭ ᠤᠨ ᠣᠷᠳᠣᠨ ᠢ ᠲᠥᠯᠥᠭᠡᠯᠡᠨ ᠭᠥᠸᠧ ᠵᠢᠢ ᠢ ᠯᠦᠩ ᠡᠨᠧᠷᠭᠢ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ  ᠶᠢᠨ ᠪᠠᠶᠢᠩᠭᠤ ᠶᠢᠨ ᠳᠡᠳ᠋ ᠶᠡᠷᠦᠩᠬᠡᠢ ᠳᠠᠭᠠᠭᠠᠮᠠᠯ ᠵᠧᠦ ᠸᠧᠨ ᠵᠠᠨ ᠲᠠᠢ ᠵᠥᠭᠡᠯᠡᠨ ᠪᠡᠶᠡᠲᠦ ᠤᠰᠤᠨ ᠵᠣᠭᠤᠷᠢ ᠬᠢᠭᠡᠳ ᠲᠣᠭᠠᠴᠢᠯᠠᠭᠰᠠᠨ ᠲᠠᠷᠢᠶᠠᠯᠠᠩ ᠤᠨ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃        ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2.02 ᠳ᠋ᠦᠩᠰᠢᠭᠤᠷ ᠲᠥᠭᠦᠷᠢᠭ ᠪᠠᠶᠢᠵᠤ᠂ ᠪᠦᠲᠦᠭᠡᠨ ᠪᠠᠶᠢᠭᠤᠯᠬᠤ ᠭᠠᠵᠠᠷ ᠢ ᠵᠠᠯᠠᠶᠢᠳ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ  ᠲᠤᠬᠢᠷᠠᠭᠤᠯᠵᠤ᠂ 70 ᠮᠦ ᠭᠠᠵᠠᠷ ᠡᠵᠡᠯᠡᠨ᠂ ᠭᠤᠣᠯᠳᠠᠭᠤ ᠪᠣᠷᠣᠭᠠᠨ ᠤ ᠤᠰᠤ ᠶᠢ ᠬᠤᠷᠠᠭᠤᠯᠬᠤ ᠲᠥᠬᠦᠭᠡᠷᠦᠮᠵᠢ᠂ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠵᠢᠴᠢ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠣᠶᠤᠨᠲᠤ ᠲᠠᠷᠢᠶᠠᠯᠠᠩ ᠤᠨ ᠰᠢᠰᠲ᠋ᠧᠮ᠂ ᠵᠥᠭᠡᠯᠡᠨ ᠪᠡᠶᠡᠲᠦ ᠤᠰᠤᠨ ᠵᠣᠭᠤᠷᠢ᠂ ᠲᠣᠮᠣ ᠮᠤᠯᠧᠺᠦ᠋ᠯᠳᠤ ᠬᠤᠭᠤᠯᠠᠢ ᠶᠢᠨ ᠮᠠᠲ᠋ᠧᠷᠢᠶᠠᠯ᠂ ᠨᠦᠯᠦᠭᠡᠯᠡᠭᠦᠷ ᠤᠨ ᠰᠡᠯᠪᠢᠭ ᠲᠣᠨᠤᠭ ᠵᠡᠷᠭᠡ ᠪᠦᠲᠦᠭᠡᠭᠳᠡᠬᠦᠨ ᠢ ᠰᠤᠳᠤᠯᠤᠨ  ᠨᠡᠭᠡᠭᠡᠵᠦ᠂ ᠦᠢᠯᠡᠳᠬᠦ ᠵᠢᠴᠢ ᠪᠣᠷᠣᠯᠠᠭᠤᠯᠬᠤ ᠵᠡᠷᠭᠡ ᠪᠠᠭᠲᠠᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号