ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠨᠢ ᠲᠡᠭᠡᠷ᠎ᠡ ᠵᠢᠯ ᠤᠨ ᠬᠢ ᠲᠠᠢ ᠦᠨᠳᠦᠰᠦᠨ ᠳᠡᠭᠡᠨ ᠠᠳᠠᠯᠢ ᠪᠤᠯᠪᠠ
ᠨᠡᠶᠢᠲᠡᠯᠡᠭᠰᠡᠨ ᠴᠠᠭ᠄
2024/4/18
     ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2024 ᠣᠨ ᠤ 3 ᠰᠠᠷ᠎ᠠ ᠶᠢᠨ ᠰᠡᠭᠦᠯᠴᠢ ᠶᠢᠨ ᠬᠠᠮᠤᠭ ᠤᠨ ᠰᠢᠨ᠎ᠡ ᠲᠤᠭ᠎ᠠ ᠪᠠᠷᠢᠮᠲᠠ ᠠᠴᠠ ᠦᠵᠡᠪᠡᠯ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠨᠢ 2023 ᠣᠨ ᠤ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠡᠭᠡᠨ ᠠᠳᠠᠯᠢ ᠪᠠᠶᠢᠵᠤ᠂ ᠵᠠᠷᠢᠮ ᠵᠠᠭᠤᠴᠢᠯᠠᠭᠤᠷ ᠤᠨ ᠬᠢᠨ ᠤ ᠬᠡᠯᠡᠭᠰᠡᠨ ᠰᠢᠭ ︽ᠳᠠᠭᠠᠳᠬᠠᠯ ᠠᠴᠠ ᠭᠠᠷᠬᠤ ᠤᠷᠤᠰᠬᠠᠯ︾ ᠢᠯᠡᠷᠡᠭᠰᠡᠨ ᠦᠭᠡᠢ ᠭᠡᠵᠡᠢ᠃      ᠲᠠᠨᠢᠯᠴᠠᠭᠤᠯᠤᠭᠰᠠᠨ ᠢᠶᠠᠷ᠂ 2022 ᠣᠨ ᠳᠤ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠳᠣᠲᠣᠷ᠎ᠠ ᠳᠠᠭᠠᠳᠬᠠᠯ ᠳᠤ ᠳᠠᠪᠬᠤᠷ ᠣᠷᠣᠯᠴᠠᠭᠰᠠᠨ᠂ ᠬᠦᠴᠦᠨ ᠦᠭᠡᠢ ᠲᠤᠭ᠎ᠠ ᠪᠠᠷᠢᠮᠲᠠ ᠪᠤᠯᠬᠤ 4000 ᠲᠦᠮᠡ ᠰᠢᠬᠠᠮ ᠬᠥᠮᠥᠨ ᠢ ᠬᠠᠰᠤᠭᠰᠠᠨ ᠰᠠᠭᠤᠷᠢᠨ ᠳᠡᠭᠡᠷ᠎ᠡ᠂ 2023 ᠣᠨ ᠳᠤ ᠮᠤᠵᠢ ᠠᠯᠤᠰᠯᠠᠨ ᠳᠠᠭᠠᠳᠬᠠᠯ ᠳᠤ ᠳᠠᠪᠬᠤᠷ ᠣᠷᠣᠯᠴᠠᠭᠰᠠᠨ 1600 ᠲᠦᠮᠡᠨ ᠬᠥᠮᠥᠨ ᠢ ᠦᠷᠭᠦᠯᠵᠢᠯᠡᠨ ᠬᠠᠰᠤᠵᠤ ᠭᠠᠷᠭᠠᠪᠠ᠂ ︽ᠲᠠᠪᠬᠤᠷᠳᠠᠭᠰᠠᠨ ᠢ ᠨᠢ ᠬᠠᠰᠤᠭᠰᠠᠨ︾ ᠨᠥᠯᠥᠭᠡ ᠶᠢ ᠪᠣᠳᠣᠯᠬᠢᠯᠠᠭᠰᠠᠨ ᠤ ᠳᠠᠷᠠᠭ᠎ᠠ᠂ 2023 ᠣᠨ ᠳᠤ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 400 ᠲᠦᠮᠡ ᠣᠷᠴᠢᠮ ᠪᠣᠳᠠᠲᠠᠢ ᠨᠡᠮᠡᠭᠳᠡᠪᠡ᠃      ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ 3.71 ᠳ᠋ᠦᠩᠰᠢᠭᠤᠷ ᠬᠥᠮᠥᠨ ᠣᠷᠣᠯᠴᠠᠵᠤ᠂ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ 9.63 ᠳ᠋ᠦᠩᠰᠢᠭᠤᠷ ᠬᠥᠮᠥᠨ ᠣᠷᠣᠯᠴᠠᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 900 ᠲᠦᠮᠡ ᠨᠡᠮᠡᠭᠳᠡᠵᠦ᠂ ᠳᠠᠭᠠᠳᠬᠠᠯ ᠳᠤ ᠣᠷᠣᠯᠴᠠᠭᠰᠠᠨ ᠪᠦᠬᠦ ᠬᠥᠮᠥᠨ ᠤ 27.8% ᠶᠢ ᠡᠵᠡᠯᠡᠵᠦ᠂ ᠳᠠᠭᠠᠳᠬᠠᠯ ᠳᠤ ᠣᠷᠣᠯᠴᠠᠭᠰᠠᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ᠃      ᠡᠭᠦᠨ ᠤ ᠬᠠᠮᠲᠤ 2023 ᠣᠨ ᠳᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠪᠥᠬᠦ ᠤᠯᠤᠰ ᠤᠨ 8000 ᠲᠦᠮᠡ ᠰᠢᠬᠠᠮ ᠳᠣᠣᠷ᠎ᠠ ᠣᠷᠣᠯᠭ᠎ᠠ ᠲᠠᠢ ᠬᠥᠮᠥᠨ ᠠᠮᠠ ᠶᠢ ᠳᠠᠭᠠᠳᠬᠠᠯ ᠳᠤ ᠣᠷᠣᠭᠤᠯᠬᠤ ᠶᠢ ᠬᠠᠪᠰᠤᠷᠤᠨ ᠲᠡᠮᠵᠢᠵᠦ᠂ ᠲᠡᠳᠡᠨ ᠤ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠪᠡ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠳᠠᠭᠠᠳᠬᠠᠯ ᠳᠤ ᠣᠷᠣᠬᠤ ᠨᠣᠷᠮ᠎ᠠ ᠶᠢ ᠦᠷᠭᠦᠯᠵᠢᠯᠡᠨ 99% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠪᠠᠭᠤᠷᠠᠶᠢᠴᠤᠤᠯ ᠤᠨ ᠠᠰᠢᠭ ᠲᠤᠰᠠ ᠶᠢ ᠪᠦᠲᠦᠮᠵᠢᠲᠡᠶ ᠪᠠᠲᠤᠯᠠᠨ᠂ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃       ︵︽ᠲᠥᠪ ᠲᠧᠯᠸᠢᠰ ᠤᠨ ᠰᠣᠨᠢᠨ ᠮᠡᠳᠡᠭᠡ ᠲᠠᠪᠴᠡᠩ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号