ᠵᠠᠰᠠᠭ ᠤᠨ ᠣᠷᠳᠣᠨ ᠤ ᠴᠢᠬᠤᠯᠠ ᠶᠠᠪᠤᠳᠠᠯ ᠤᠨ ᠲᠡᠮᠳᠡᠭᠯᠡᠯ ︵2023 ᠤᠨ ᠤ 11 ᠰᠠᠷ᠎ᠠ ᠶᠢᠨ 1 ᠤ ᠡᠳᠦᠷ — 30 ᠤ ᠡᠳᠦᠷ︶ ︵ᠨᠢᠭᠡ︶
ᠨᠡᠶᠢᠲᠡᠯᠡᠭᠰᠡᠨ ᠴᠠᠭ᠄
2024/4/18
ᠨᠢᠭᠡ᠂ ᠴᠢᠬᠤᠯᠠ ᠬᠤᠷᠠᠯ    1 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ 2023 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠱᠠᠯᠠᠪᠳᠠᠭᠤᠯᠤᠨ ᠪᠠᠶᠢᠴᠠᠭᠠᠵᠤ ᠳᠣᠭᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    4 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠪᠦᠭᠦ ᠬᠤᠰᠢᠭᠤᠨ ᠤ ᠤᠨᠴᠤᠭᠠᠢ ᠴᠠᠭ ᠠᠭᠤᠷ ᠢ ᠠᠷᠭᠠᠴᠠᠭᠠᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠬᠠᠶ ᠶᠢᠨ ᠲᠠᠯᠠᠪᠤᠷ ᠤᠨ ᠬᠤᠷᠠᠯ ᠤᠨ ᠪᠡᠯᠡᠳᠬᠡᠯ ᠬᠤᠷᠠᠯ ᠢ ᠡᠷᠭᠢᠯᠡᠨ ᠬᠤᠷᠠᠯᠳᠤᠭᠤᠯᠪᠠ᠃    7 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠬᠤᠰᠢᠭᠤᠨ ᠳᠠᠷᠤᠭ᠎ᠠ ᠨᠠᠷ ᠤᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ 2021 ᠣᠨ ᠠᠴᠠ ᠡᠮᠦᠨᠡᠬᠢ ᠪᠠ 2021 — 2022 ᠣᠨ ᠤ ᠲᠥᠰᠦᠪ ᠤᠨ ᠪᠠᠯᠠ ᠮᠥᠩᠭᠦ ᠶᠢ ᠡᠮᠬᠢᠯᠡᠨ ᠨᠡᠶᠢᠳᠭᠡᠬᠦ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠠᠶ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠪᠠᠶᠠᠨᠵᠢᠯᠠᠭ᠎ᠠ ᠰᠢᠶᠠᠩ ᠤᠨ ᠪᠠᠷᠢᠯᠭ᠎ᠠ ᠶᠢᠨ ᠵᠠᠭᠠᠭ ᠳᠠᠪᠠᠭ᠋ᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠬᠤᠰᠢᠭᠤᠨ ᠳᠠᠷᠤᠭ᠎ᠠ ᠨᠠᠷ ᠤᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ PLA ᠲᠦᠷᠦᠯ ᠵᠦᠢᠯ ᠢ ᠵᠣᠯᠭᠠᠭᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠠᠶ᠃    8 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠳᠠᠳᠠᠵᠤ ᠤᠷᠤᠭᠤᠯᠬᠤ ᠢᠨᠵᠧᠨᠧᠷᠢᠩ ᠤᠨ ᠨᠡᠬᠦᠳᠡᠯ ᠠᠷᠠᠳ ᠢ  ᠲᠥᠪᠬᠢᠨᠡᠭᠦᠯᠬᠦ ᠴᠡᠭ ᠤᠨ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢ ᠰᠢᠯᠵᠢᠭᠦᠯᠦᠨ ᠲᠤᠰᠢᠶᠠᠬᠤ ᠠᠵᠢᠯ ᠤᠨ ᠬᠤᠷᠠᠯ᠂ ᠪᠥᠬᠦ ᠬᠤᠰᠢᠭᠤᠨ ᠤ ᠳᠤᠯᠠᠭᠠᠯᠠᠭ᠎ᠠ ᠶᠢᠨ ᠠᠵᠢᠯ ᠤᠨ ᠬᠤᠷᠠᠯ᠂ ᠳᠤᠮᠳᠠ ᠵᠢᠵᠢᠭ ᠠᠵᠤ ᠠᠬᠤᠶᠢᠯᠠᠯ ᠳᠤ ᠵᠣᠭᠤᠰ ᠦᠷᠢᠳᠦᠭᠰᠡᠨ ᠵᠡᠷᠭᠡ ᠬᠤᠯᠪᠣᠭᠳᠠᠯ ᠪᠥᠬᠦᠢ ᠶᠠᠪᠤᠳᠠᠯ ᠤᠨ ᠠᠵᠢᠯ ᠤᠨ ᠬᠤᠷᠠᠯ ᠢ ᠰᠤᠳᠤᠯᠵᠠᠢ᠃    9 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠪᠠᠶᠠᠨᠭᠤᠤᠯ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠶᠠᠪᠤᠳᠠᠯ ᠢ ᠰᠤᠳᠤᠯᠬᠤ ᠬᠤᠷᠠᠯ ︵ ᠸᠢᠳᠢᠤ᠋ ᠬᠤᠷᠠᠯ︶ ᠢ ᠡᠷᠭᠢᠯᠡᠨ ᠬᠤᠷᠠᠯᠳᠤᠭᠤᠯᠪᠠ᠃    10 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠵᠠᠯᠠᠶᠢᠳ ᠬᠤᠰᠢᠭᠤᠨ ᠤ ᠮᠧᠩ ᠶᠢᠨ ᠲᠣᠰᠬᠤᠨ ᠪᠠᠯᠭᠠᠰᠤ ᠶᠢᠨ ᠪᠠᠩᠬᠢ ᠶᠢᠨ ᠲᠦᠭᠰᠢᠭᠦᠷᠢ ᠶᠢ ᠠᠷᠢᠯᠭᠠᠬᠤ ᠠᠵᠢᠯ ᠢ  ᠠᠬᠢᠭᠤᠯᠬᠤ ᠬᠤᠷᠠᠯ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠢ ᠡᠷᠭᠢᠯᠡᠪᠡ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠤᠨ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    12 ᠤᠨ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠦᠨᠡᠲᠦ ᠲᠡᠮᠦᠷᠯᠢᠭ ᠢ ᠴᠡᠪᠡᠷᠰᠢᠭᠦᠯᠦᠨ ᠪᠣᠯᠪᠠᠰᠤᠷᠠᠭᠤᠯᠬᠤ ᠳᠦᠷᠦᠯ ᠵᠦᠢᠯ ᠢ ᠵᠣᠯᠭᠠᠭᠤᠯᠤᠨ ᠶᠠᠷᠢᠯᠴᠠᠬᠤ ᠬᠤᠷᠠᠯ ᠢ ᠡᠷᠭᠢᠯᠠᠨ ᠬᠤᠷᠠᠯᠳᠤᠭᠤᠯᠪᠠ᠃    14 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠪᠥᠬᠦ ᠬᠤᠰᠢᠭᠤᠨ ᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ  ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ᠂ ᠵᠦᠩ ᠭᠤᠸᠠᠩ ᠾᠧ ᠶᠢᠨ ᠲᠦᠪᠯᠡᠷᠡᠭᠰᠡᠨ ᠪᠤᠰᠤ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠤ ᠳᠦᠷᠦᠯ ᠵᠦᠢᠯ ᠢ ᠠᠬᠢᠭᠤᠯᠬᠤ ᠬᠤᠷᠠᠯ ᠢ ᠡᠷᠭᠢᠯᠠᠨ ᠬᠤᠷᠠᠯᠳᠤᠭᠤᠯᠪᠠ᠃    15 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠪᠥᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠦᠨᠡᠯᠡᠯᠲᠡ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠤᠯᠤᠰ ᠤᠨ ᠣᠶ ᠰᠢᠭᠤᠶ  ᠨᠤᠳᠤᠭ ᠪᠡᠯᠴᠢᠭᠡᠷ ᠤᠨ ᠲᠤᠰᠬᠠᠶ ᠵᠦᠢᠯ ᠤᠨ ᠬᠢᠨᠠᠨ ᠪᠤᠳᠤᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    19 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠪᠠᠶᠢᠩᠭᠤ ᠶᠢᠨ ᠹᠷᠣᠨᠲ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠵᠠᠯᠠᠶᠢᠳ ᠬᠤᠰᠢᠭᠤᠨ ᠤ ᠲᠤᠲᠤᠷᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    20 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠪᠦᠭᠦ ᠬᠤᠰᠢᠭᠤᠨ ᠤ ᠰᠤᠮᠤ ᠰᠢᠶᠠᠩ ᠪᠠᠯᠭᠠᠰᠤᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    22 ᠤᠨ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠭᠤᠤᠯᠳᠠᠯᠭ᠎ᠠ ᠲᠠᠢ ᠠᠵᠢᠯ ᠤᠨ ᠡᠳᠦᠷ ᠢ ᠦᠨᠡᠯᠡᠨ ᠵᠢᠱᠢᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    23 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ᠂ ᠪᠥᠸᠧ ᠨᠧᠩ ᠠᠮᠢᠳᠤ ᠪᠣᠳᠠᠰ ᠤᠨ ᠮᠠᠰ ᠢᠯᠴᠢ ᠶᠢᠨ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    24 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠪᠠᠶᠠᠨᠭᠤᠤᠯ ᠪᠠᠯᠭᠠᠰᠤᠨ ᠤ ᠪᠥᠬᠦ ᠬᠦᠷᠢᠶᠡᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    26 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠪᠦᠭᠦ ᠬᠤᠰᠢᠭᠤᠨ ᠤ ᠲᠣᠭᠲᠠᠮᠠᠯ ᠬᠦᠷᠦᠩᠬᠡ ᠶᠢᠨ ᠪᠠᠯᠠ ᠣᠷᠣᠭᠤᠯᠤᠯᠲᠠ ᠶᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    27 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ᠂ ᠰᠢᠨ ᠮᠢᠨ ᠰᠢᠨ᠎ᠡ ᠲᠣᠰᠬᠤᠨ ᠤ ᠠᠰᠠᠷ ᠢ ᠲᠤᠰᠢᠶᠠᠨ ᠥᠭᠬᠦ ᠶᠣᠰᠣᠯᠠᠯ ᠤᠨ ᠲᠣᠬᠢᠷᠠᠭᠤᠯᠤᠯᠲᠠ ᠶᠢᠨ ᠬᠤᠷᠠᠯ ᠬᠢᠪᠠ᠃    28 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠬᠤᠷᠠᠯ ᠡᠷᠭᠢᠯᠡᠵᠦ᠂ ᠰᠧᠨ ᠮᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠡᠷᠬᠡ ᠣᠯᠭᠤᠵᠤ ᠤᠢ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠵᠦ ᠨᠠᠶᠢᠳᠠᠪᠤᠷᠢᠵᠢᠭᠤᠯᠬᠤ ᠬᠤᠯᠪᠣᠭᠳᠠᠯ ᠪᠦᠭᠦᠢ ᠶᠠᠪᠤᠳᠠᠯ ᠢ ᠰᠤᠳᠤᠯᠵᠠᠶ᠃    29 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ PLA ︵ᠵᠠᠳᠠᠷᠠᠭᠤᠯᠵᠤ ᠪᠣᠯᠬᠤ ᠮᠠᠲ᠋ᠧᠷᠢᠶᠠᠯ︶ ᠶᠢᠨ ᠦᠢᠯᠡᠳᠪᠤᠷᠢᠯᠡᠯ ᠤᠨ ᠲᠥᠷᠥᠯ ᠵᠦᠢᠯ ᠢ ᠵᠣᠯᠭᠠᠭᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ᠬᠤᠶᠠᠷ᠂ ᠴᠢᠬᠤᠯᠠ ᠠᠵᠢᠯᠯᠠᠭ᠎ᠠ    1 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ ᠠᠶᠢᠮᠠᠭ ᠤᠨ ᠳᠠᠷᠤᠭ᠎ᠠ ᠶᠢᠨ ᠲᠤᠰᠬᠠᠶ ᠰᠡᠳᠦᠪᠲᠦ ᠬᠤᠷᠠᠯ ︵ᠬᠤᠲᠠ ᠶᠢᠨ ᠴᠢᠬᠢ ᠮᠣᠳᠣᠨ ᠤ ᠬᠦᠷᠢᠶᠡᠯᠡᠩ᠂ ᠴᠠᠭ  ᠲᠠᠭᠠᠨ ᠲᠤᠰᠢᠶᠠᠬᠤ ᠠᠰᠠᠷ ᠤᠨ ᠠᠵᠢᠯ ᠢ ᠲᠣᠬᠢᠷᠠᠭᠤᠯᠬᠤ︶ ᠳᠤ ᠣᠷᠣᠯᠴᠠᠪᠠ᠃    2 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ᠂ ᠮᠠ ᠮᠧᠩ ᠱᠦᠵᠢ ᠶᠢᠨ ᠡᠷᠬᠢᠯᠡᠭᠰᠡᠨ ᠵᠣᠬᠢᠴᠠᠭᠤᠯᠬᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠠᠶᠢᠮᠠᠭ ᠤᠨ ᠳᠠᠷᠤᠭ᠎ᠠ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠲᠣᠬᠢᠷᠠᠭᠤᠯᠬᠤ ᠬᠤᠷᠠᠯ ᠳᠤ ᠣᠷᠣᠯᠴᠠᠪᠠ᠃ ᠬᠢᠩᠭᠠᠨ ᠤ ᠰᠢᠨ᠎ᠡ ᠶᠢ ᠡᠭᠦᠳᠬᠦ ᠶᠢ ᠭᠦᠳᠦᠯᠦᠨ ᠲᠠᠭᠠᠭᠤᠯᠬᠤ ᠲᠥᠪ  ᠤᠨ ᠵᠠᠯᠠᠶᠢᠳ ᠲᠤᠲᠤᠷᠭ᠎ᠠ ᠶᠢᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠭᠤᠸᠠᠩᠵᠧᠦ ᠬᠤᠲᠠ ᠶᠢᠨ ᠭᠦᠸᠧ ᠯᠢᠨ ᠨᠡᠭᠦᠷᠡᠰᠦᠲᠥ᠋ᠷᠥᠭᠴᠢ ᠶᠢᠨ ᠪᠠᠯᠠ ᠣᠷᠣᠭᠤᠯᠤᠯᠲᠠ ᠶᠢᠨ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠵᠡᠩᠨᠡᠯᠲᠡ ᠶᠢᠨ ᠳᠡᠳ᠋ ᠶᠡᠷᠦᠩᠬᠡᠶ ᠬᠢᠨᠠᠭᠴᠢ ᠸᠠᠩ ᠠᠨ ᠴᠢ ᠳᠤ ᠪᠠᠷ᠎ᠠ ᠪᠣᠯᠵᠣ ᠶᠠᠷᠢᠯᠴᠠᠬᠤ ᠬᠤᠷᠠᠯ ᠬᠢᠪᠠ᠃    3 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠳᠡᠳ᠋ ᠳᠠᠷᠤᠭ᠎ᠠ ᠴᠧᠨ ᠬᠠᠶ ᠱᠠᠨ᠂ ᠮᠠᠨ ᠱᠦᠶ ᠯᠦᠩ ᠬᠤᠪᠢᠶᠠᠷᠢ ᠬᠤᠷᠠᠯ ᠤᠨ ᠲᠠᠯᠠᠪᠠᠶ ᠳᠤ ᠬᠢᠩᠭᠠᠨ ᠠᠶᠢᠮᠠᠭ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠢᠴᠢᠶᠡᠯ ᠤᠨ ᠲᠠᠩᠬᠢᠮ ᠤᠨ ᠬᠤᠷᠢᠨ ᠳᠣᠯᠣᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠲᠠᠶᠢᠯᠤᠮᠵᠢ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠦᠷᠡᠭᠳᠡᠭᠰᠡᠨ ᠪᠠᠭᠠᠲᠤᠷ ᠷᠧᠨ ᠭᠥᠸᠧ ᡁᠢ ᠶᠢᠨ ᠴᠢᠨᠳᠠᠷ ᠢ ᠣᠷᠣᠰᠢᠭᠤᠯᠬᠤ ᠶᠣᠰᠣᠯᠠᠯ ᠢ ᠵᠣᠬᠢᠶᠠᠨ ᠪᠠᠶᠢᠭᠤᠯᠪᠠ᠃ ᠥᠪᠥᠷ ᠮᠣᠩᠭᠤᠯ ᠤᠨ ᠶᠠᠰᠤ ᠴᠢᠨᠠᠷ ︵ᠦᠨᠡᠨᠴᠢ ᠢᠲᠡᠭᠡᠮᠵᠢ︶ ᠤᠨ ᠨᠠᠷᠠᠲᠤ ᠲᠥᠷᠥᠯ ᠲᠡᠮᠳᠡᠭᠲᠦ ᠠᠷᠠᠳ ᠤᠨ ᠡᠵᠡᠩᠨᠡᠯᠲᠡ ᠶᠢᠨ ᠲᠣᠰᠣ ᠨᠡᠮᠡᠬᠦ ᠥᠷᠲᠡᠭᠡ ᠶᠢᠨ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ︵ᠨᠢᠭᠡᠳᠦᠭᠡᠷ ᠪᠦᠯᠦᠭ︶ ᠤ ᠨᠡᠷᠡᠶᠢᠳᠬᠦ ᠶᠣᠰᠣᠯᠠᠯ ᠵᠢᠴᠢ ᠲᠤᠬᠠᠶ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃ ᠴᠣᠣᠯ ᠶᠢᠨ ᠵᠦ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠠᠷ ᠪᠠᠶᠢᠴᠠᠭᠠᠨ ᠰᠤᠳᠤᠯᠪᠠ ᠃ ᠬᠢᠩᠭᠠᠨ ᠤ ᠰᠢᠨ᠎ᠡ ᠶᠢ ᠡᠭᠦᠳᠬᠦ ᠶᠢ ᠬᠦᠳᠦᠯᠦᠨ ᠲᠠᠭᠠᠭᠤᠯᠬᠤ ᠲᠥᠪ ᠤᠨ ᠵᠠᠯᠠᠶᠢᠳ ᠲᠤᠲᠤᠷᠭ᠎ᠠ ᠶᠢᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃  4 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠪᠦᠭᠦ ᠠᠶᠢᠮᠠᠭ ᠤᠨ ᠮᠠᠭᠤ ᠴᠠᠭ ᠠᠭᠤᠷ ᠢ ᠠᠷᠭᠠᠴᠠᠭᠠᠬᠤ ᠸᠢᠳᠢᠣ᠋ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠨᠡᠭᠦᠷᠡᠰᠦᠬᠦ᠋ᠴᠢᠯ ᠤᠨ ᠺᠠᠯᠼ ᠢ ᠨᠠᠷᠢᠯᠢᠭ ᠪᠣᠯᠪᠠᠰᠤᠷᠠᠭᠤᠯᠬᠤ᠂ ᠠᠮᠢᠳᠤ ᠪᠣᠳᠠᠰ ᠤᠨ ᠮᠠᠰ ᠤᠨ ᠢᠯᠴᠢ᠂ ᠣᠰᠣᠨ ᠲᠤᠲᠤᠷᠭ᠎ᠠ ᠶᠢᠨ ᠪᠦᠭᠦ ᠠᠵᠤ ᠦᠢᠯᠡᠰ ᠤᠨ ᠬᠡᠯᠬᠢᠶ᠎ᠡ᠂ ᠲᠢᠶᠠᠨ ᠹᠦ᠋ ᠬᠢᠮᠢ ᠶᠢᠨ ᠪᠤᠷᠳᠤᠭᠤᠷ ᠪᠠ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ ᠢ ᠤᠭᠰᠠᠷᠠᠭᠤᠯᠤᠨ ᠦᠢᠯᠡᠳᠪᠦᠷᠢᠯᠡᠬᠦ ᠵᠡᠷᠭᠡ ᠪᠠᠶᠢᠭᠤᠯᠵᠤ ᠪᠠᠶᠢᠭ᠎ᠠ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠬᠠᠶ ᠶᠢᠨ ᠲᠠᠯᠠᠪᠠᠢ ᠳᠤ ᠠᠵᠢᠯᠯᠠᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠠᠶᠢᠮᠠᠭ ᠤᠨ ᠵᠠᠬᠢᠷᠭ᠎ᠠ ᠶᠢᠨ ᠪᠣᠷᠣᠭᠠᠨ ᠴᠠᠰᠤ ᠲᠠᠢ ᠴᠠᠭ ᠠᠭᠤᠷ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠠᠶ᠃    5 — 6 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠪᠠᠶᠠᠨᠭᠤᠤᠯ ᠪᠠᠯᠭᠠᠰᠤ᠂ ᠢᠨᠳᠡᠷ ᠪᠠᠯᠭᠠᠰᠤ᠂ ᠲᠠᠷᠢᠶᠠᠯᠠᠩ ᠤᠨ ᠬᠦᠷᠢᠶᠡᠯᠡᠩ ᠢᠶᠠᠷ ᠭᠦᠨᠵᠡᠭᠡᠶᠢᠷᠡᠵᠦ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠬᠠᠶ ᠶᠢᠨ ᠲᠠᠯᠠᠪᠤᠷ ᠤᠨ ᠬᠤᠷᠠᠯ ᠤᠨ ᠠᠵᠢᠯ ᠢ ᠥᠷᠨᠢᠭᠦᠯᠪᠡ᠃    6 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠬᠢᠩᠭᠠᠨ ᠤ ᠰᠢᠨ᠎ᠡ ᠶᠢ ᠡᠭᠦᠳᠬᠦ ᠶᠢ ᠬᠦᠳᠦᠯᠦᠨ ᠲᠠᠭᠠᠭᠤᠯᠬᠤ ᠲᠥᠪ ᠤᠨ ᠵᠠᠯᠠᠶᠢᠳ ᠲᠤᠲᠤᠷᠭ᠎ᠠ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    7 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠢ ᠱᠠᠨ ᠪᠦᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠪᠠ᠃    8 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠠᠶᠢᠮᠠᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ  ᠤᠨ ᠬᠠᠮᠢᠶ᠎ᠠ ᠪᠦᠬᠦᠢ ᠬᠦᠮᠦᠰ ᠲᠤ ᠪᠠᠷ᠎ᠠ ᠪᠣᠯᠵᠣ ᠳᠡᠮᠡᠭᠡᠴᠢ ᠪᠠᠯᠭᠠᠰᠤᠨ ᠤ ᠱᠤᠸᠠᠩ ᠾᠧ ᠭᠠᠴᠠᠭᠠᠨ ᠳᠤ ᠰᠠᠭᠤᠭ᠎ᠠ ᠺᠠᠳ᠋ᠷᠴᠤᠳ ᠢ ᠡᠷᠬᠢᠨ ᠦᠵᠡᠵᠦ᠂ ᠳᠡᠮᠡᠭᠡᠴᠢ ᠪᠠᠯᠭᠠᠰᠤᠨ ᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠠᠵᠢᠯ ᠢ ᠠᠬᠢᠭᠤᠯᠬᠤ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠵᠤ᠂ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠢᠦᠶ ᠮᠢᠶᠣᠣ ᠶᠢ ᠭᠥᠯᠢᠶᠡᠨ ᠠᠪᠴᠠᠶ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ ᠬᠠᠩᠵᠧᠦ ᠬᠤᠲᠠ ᠶᠢᠨ ᠵᠧᠵᠢᠶᠠᠩ ᠶᠡᠭᠡ ᠰᠤᠷᠭᠠᠭᠤᠯᠢ ᠶᠢᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠢᠶᠠᠷ ᠬᠦᠷᠴᠦ᠂  ᠬᠤᠯᠪᠤᠭ᠎ᠠ ᠪᠠᠯᠭᠠᠰᠤᠨ ᠤ ᠨᠡᠮᠡᠭᠳᠡᠯ ᠬᠤᠷᠤᠭᠳᠠᠯ ᠲᠠᠢ ᠨᠢ ᠬᠤᠯᠪᠤᠭᠳᠠᠭᠤᠯᠬᠤ ᠲᠦᠷᠦᠯ ᠵᠦᠢᠯ ᠤᠨ ᠵᠢᠷᠤᠭ ᠲᠥᠯᠥᠪᠯᠡᠭᠡᠨ ᠤ ᠲᠥᠰᠦᠯ ᠢ ᠵᠣᠯᠭᠠᠭᠤᠯᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠳᠤ ᠰᠤᠷᠪᠤᠯᠵᠢᠯᠠᠯ ᠢ ᠬᠦᠯᠢᠶᠡᠨ ᠠᠪᠴᠠᠶ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠪᠦᠭᠦ ᠬᠤᠰᠢᠭᠤᠨ ᠤ ᠳᠤᠯᠠᠭᠠᠯᠠᠭ᠎ᠠ ᠶᠢᠨ ᠠᠵᠢᠯ ᠤᠨ ᠬᠤᠷᠠᠯ ᠳᠤ ᠣᠷᠣᠯᠴᠠᠪᠠ᠃    9 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠰᠢᠤᠢ ᠵᠢᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠩᠭᠠᠨ ᠠᠶᠢᠮᠠᠭ ᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠣᠷᠣᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠺᠠᠳ᠋ᠷᠴᠤᠳ ᠤᠨ ᠪᠣᠯᠪᠠᠰᠤᠷᠠᠯ ᠤᠨ ᠲᠥᠪ ᠢᠶᠠᠷ ᠬᠦᠷᠴᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠲᠥᠷᠥᠯ ᠵᠦᠢᠯ ᠢ ᠵᠤᠯᠭᠠᠭᠤᠯᠵᠠᠢ᠃ ᠭᠥᠸᠧ ᠵᠢᠢ ᠢᠨᠵᠧᠨᠧᠷᠢᠩ ᠤᠨ ᠪᠦᠯᠦᠭᠯᠡᠯ ᠢᠶᠠᠷ ᠬᠦᠷᠴᠦ ᠬᠤᠯᠪᠤᠭ᠎ᠠ ᠪᠠᠯᠭᠠᠰᠤᠨ ᠤ ᠨᠡᠮᠡᠭᠳᠡᠯ ᠬᠤᠷᠤᠭᠳᠠᠯ ᠲᠠᠢ ᠨᠢ ᠬᠤᠯᠪᠤᠭᠳᠠᠭᠤᠯᠬᠤ ᠲᠦᠷᠦᠯ ᠵᠦᠢᠯ ᠢ ᠵᠣᠯᠭᠠᠭᠤᠯᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠠᠶᠢᠮᠠᠭ ᠤᠨ ᠵᠠᠬᠢᠷᠭ᠎ᠠ ᠪᠠᠷ ᠬᠦᠷᠴᠦ ᠭᠤᠷᠪᠠᠨ ᠤᠮᠠᠷᠠᠲᠤ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠷᠦᠯ ᠵᠦᠢᠯ ᠤᠨ ᠬᠤᠯᠪᠣᠭᠳᠠᠯ ᠪᠥᠬᠦᠶ ᠵᠦᠢᠯᠡᠰ ᠢ ᠵᠣᠯᠭᠠᠭᠤᠯᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠴᠢᠨ ᠬᠤᠸᠠ ᠵᠧᠨ ᠨᠡᠷ ᠲᠠᠢ ᠬᠠᠮᠲᠤ ᠵᠠᠯᠠᠶᠢᠳ ᠬᠤᠰᠢᠭᠤᠨ ᠳᠤ  ᠢᠷᠡᠵᠦ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ ᠪᠠ ᠠᠶᠤᠯᠭᠦᠶ ᠦᠢᠯᠡᠳᠪᠤᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃    10 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠵᠢᠱᠢᠶ᠎ᠡ ᠦᠵᠡᠭᠦᠯᠦᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠢᠨᠲ᠋ᠧᠷ ᠰᠦᠯᠵᠢᠶ᠎ᠡ + ᠱᠠᠯᠠᠪᠳᠠᠭᠤᠯᠤᠨ ᠪᠠᠶᠢᠴᠠᠭᠠᠬᠤ ᠲᠠᠪᠴᠠᠩ ᠳᠤ ᠦᠭᠡ ᠦᠯᠡᠳᠡᠭᠡᠬᠦ ᠶᠢ ᠰᠢᠢᠳᠪᠤᠷᠢᠯᠡᠬᠦ ᠵᠢᠴᠢ ᠲᠠᠷᠢᠶᠠᠯᠠᠩ ᠤᠨ ᠮᠠᠰᠢᠨ ᠤ ᠠᠵᠢᠯ ᠤᠨ ᠶᠠᠷᠢᠯᠴᠠᠬᠤ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠤᠯᠠᠭᠠᠨᠬᠤᠲᠠ ᠪᠠᠷ ᠬᠦᠷᠴᠦ ᠵᠠᠯᠠᠶᠢᠳ ᠲᠤᠲᠤᠷᠭ᠎ᠠ ᠶᠢᠨ ᠣᠷᠳᠣᠨ ᠤ ᠪᠥᠲᠥᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠪᠠᠷ᠎ᠠ ᠪᠣᠯᠵᠣ ᠳᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠱᠧᠨ ᠱᠠᠨ ᠪᠠᠭᠤᠳᠠᠯ ᠤᠨ ᠵᠣᠴᠢᠨ ᠤᠭᠲᠤᠬᠤ ᠠᠰᠠᠷ ᠲᠤ ᠶᠠᠷᠢᠯᠴᠠᠬᠤ ᠬᠤᠷᠠᠯ ᠳᠤ ᠣᠷᠣᠯᠴᠠᠪᠠ᠃ ᠮᠠ ᠮᠧᠩ ᠱᠦᠵᠢ ᠶᠢᠨ ᠡᠷᠭᠢᠯᠡᠨ ᠬᠤᠷᠠᠯᠳᠤᠭᠤᠯᠤᠭᠰᠠᠨ ᠣᠶ ᠰᠢᠭᠤᠶ ᠨᠤᠳᠤᠭ ᠪᠡᠯᠴᠢᠭᠡᠷ ᠤᠨ ᠬᠢᠨᠠᠨ ᠪᠣᠳᠣᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠵᠢᠱᠢᠶ᠎ᠡ ᠦᠵᠡᠭᠦᠯᠦᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠶ᠃     ᠲᠤᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠳᠤ ᠣᠷᠣᠯᠴᠠᠵᠠᠶ᠃11 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠳᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠢᠨᠳᠡᠷ ᠪᠠᠯᠭᠠᠰᠤᠨ ᠤ ᠴᠠᠩ ᠹᠠ ᠲᠣᠰᠬᠤᠨ ᠤ ᠢᠩᠲᠣᠣᠷ ᠤᠨ ᠲᠠᠷᠢᠶᠠᠯᠠᠩ ᠬᠡᠷᠡᠯ ᠤᠨ ᠬᠠᠷᠢᠯᠴᠠᠨ ᠨᠥᠬᠦᠪᠥᠷᠢᠯᠡᠬᠦ ᠣᠲᠣ ᠦᠶ᠎ᠡ ᠶᠢᠨ ᠲᠥᠬᠦᠭᠡᠷᠦᠮᠵᠢ ᠶᠢᠨ ᠲᠠᠷᠢᠶᠠᠯᠠᠩ ᠤᠨ ᠲᠥᠷᠥᠯ ᠵᠦᠢᠯ ᠳᠤ ᠭᠦᠨᠵᠡᠭᠡᠶᠢᠷᠡᠪᠡ᠃ ᠬᠤᠯᠪᠤᠭ᠎ᠠ ᠪᠠᠯᠭᠠᠰᠤ ᠶᠢᠨ ᠭᠦ᠋ ᠮᠢᠶᠣᠣ ᠲᠣᠰᠬᠤᠨ ᠤ ᠢᠩᠲᠣᠣᠷ ᠤᠨ ᠲᠦᠷᠦᠯ ᠵᠦᠢᠯ ᠪᠣᠯᠤᠨ ᠲᠢᠶᠠᠨ ᠮᠦ ᠵᠧᠨ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠬᠠᠢ ᠶᠢᠨ ᠲᠠᠯᠠᠪᠠᠢ ᠳᠤ ᠠᠵᠢᠯᠯᠠᠪᠠ᠃    12 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠰᠦᠨ ᠰᠢᠩ ᠢᠦᠶ ᠱᠦᠵᠢ ᠳᠤ ᠪᠠᠷ᠎ᠠ ᠪᠣᠯᠵᠣ ᠪᠠᠳᠠᠷᠠᠬᠤ᠂ ᠪᠠᠶ᠋ᠬᠠᠤᠯᠠᠭᠠᠨ ᠰᠤᠮᠤ ᠪᠠᠷ ᠬᠦᠷᠴᠦ ᠭᠤᠤᠯ ᠰᠡᠳᠦᠪᠲᠦ ᠬᠥᠮᠦᠵᠢᠯ ᠪᠠ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠪᠠᠳᠠᠷᠠᠬᠤ ᠪᠠᠯᠭᠠᠰᠤ᠂ ᠪᠠᠶ᠋ᠬᠠᠤᠯᠠᠭᠠᠨ ᠰᠤᠮᠤ ᠳᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ ᠤᠨ ᠭᠠᠵᠠᠷ ᠰᠣᠩᠭᠤᠬᠤ ᠲᠤᠬᠠᠶ ᠪᠠᠶᠢᠴᠠᠭᠠᠨ ᠰᠤᠳᠤᠯᠤᠯᠲᠠ ᠬᠢᠵᠡᠶ᠃    13 ᠤ ᠡᠳᠦᠷ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠰᠢᠤᠢ ᠵᠢᠶ ᠯᠦᠩ᠂ ᠯᠢᠦ ᠭᠦᠸᠧ ᠮᠢᠨ᠂ ᠴᠧᠨ ᠬᠠᠶ ᠱᠠᠨ᠂ ᠮᠠᠨ ᠱᠦᠶ ᠯᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2023 ᠣᠨ ᠤ 33 ᠳ᠋ᠤᠭᠠᠷ ᠤᠳᠠᠭᠠᠨ ᠤ ᠬᠤᠷᠠᠯ᠂ 34 ᠳ᠋ᠣᠭᠡᠷ ᠤᠳᠠᠭᠠᠨ ᠤ ᠬᠤᠷᠠᠯ᠂ 35 ᠳ᠋ᠤᠭᠠᠷ ᠤᠳᠠᠭᠠᠨ ᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ 2022 ᠣᠨ ᠤ ᠠᠶᠢᠮᠠᠭ ᠤᠨ ᠨᠠᠮ ᠤᠨ ᠬᠤᠷᠢᠶ᠎ᠠ ᠶᠢᠨ ᠬᠤᠰᠢᠭᠤ ᠰᠢᠶᠠᠨ ᠢ ᠬᠢᠨᠠᠨ ᠰᠢᠯᠭᠠᠭᠰᠠᠨ ᠦᠷ᠎ᠡ ᠳ᠋ᠦᠩ ᠢ ᠵᠠᠳᠠᠯᠬᠤ ᠵᠢᠴᠢ 2023 ᠣᠨ ᠤ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ 2023 ᠣᠨ ᠤ ᠲᠠᠷᠢᠶᠠᠴᠢᠳ ᠢ ᠳᠠᠶᠢᠴᠢᠯᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠬᠤ ᠶᠠᠷᠢᠯᠴᠠᠬᠤ ᠬᠤᠷᠠᠯ ᠳᠤ ᠣᠷᠣᠯᠴᠠᠵᠠᠶ᠃    14 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠠᠬᠢᠭᠤᠯᠬᠤ ᠬᠤᠷᠠᠯ ᠳᠤ ᠣᠷᠣᠯᠴᠠᠪᠠ᠃ ᠬᠤᠪᠢᠶᠠᠷᠢ ᠬᠤᠷᠠᠯ ᠤᠨ ᠲᠠᠯᠠᠪᠠᠶ ᠳᠤ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠹᠷᠣᠨᠲ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠠᠶᠢᠮᠠᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠦᠮᠦᠰ  ᠲᠤ ᠪᠠᠷ᠎ᠠ ᠪᠤᠯᠵᠤ ᠲᠦᠩ ᠬᠠᠶ ᠯᠦ ᠨᠡᠶᠢᠭᠡᠮ ᠲᠣᠭᠤᠷᠢᠭ᠂ ᠳ᠋ᠦᠩ ᠱᠧᠩ ᠲᠣᠰᠬᠤᠨ ᠢᠶᠠᠷ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠢ ᠪᠠᠶᠢᠴᠠᠭᠠᠨ ᠰᠤᠳᠤᠯᠪᠠ᠃ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠠᠬᠢᠭᠤᠯᠬᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ ᠬᠤᠯᠪᠤᠭ᠎ᠠ ᠪᠠᠯᠭᠠᠰᠤᠨ ᠤ ᠶᠦᠩ ᠰᠢᠨ ᠲᠣᠰᠬᠤᠨ᠂ ᠡᠦ ᠵᠢᠶᠠ ᠽᠢ ᠲᠣᠰᠬᠤᠨ ᠢᠶᠠᠷ ᠬᠦᠷᠴᠦ ᠨᠡᠮᠡᠭᠳᠡᠯ ᠬᠤᠷᠤᠭᠳᠠᠯ  ᠲᠠᠢ ᠨᠢ ᠬᠤᠯᠪᠤᠭᠳᠠᠭᠤᠯᠬᠤ ᠲᠦᠷᠦᠯ ᠵᠦᠢᠯ ᠢ ᠪᠠᠶᠢᠴᠠᠭᠠᠨ ᠰᠤᠳᠤᠯᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠬᠤᠯᠪᠤᠭ᠎ᠠ ᠪᠠᠯᠭᠠᠰᠤᠨ ᠤ ᠭᠦ᠋ ᠮᠢᠶᠣᠣ ᠲᠣᠰᠬᠤᠨ ᠢᠶᠠᠷ ᠬᠦᠷᠴᠦ ᠲᠤᠮᠤ ᠢᠩᠲᠣᠣᠷ᠂ ᠮᠦᠬᠦ ᠵᠡᠷᠭᠡ ᠲᠦᠬᠦᠭᠡᠷᠦᠮᠵᠢᠳᠤ ᠲᠠᠷᠢᠶᠠᠯᠠᠩ ᠤᠨ ᠬᠦᠭᠵᠢᠯᠳᠡ ᠶᠢᠨ ᠪᠠᠶᠢᠳᠠᠯ ᠢ  ᠪᠠᠶᠢᠴᠠᠭᠠᠨ ᠰᠤᠳᠤᠯᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠠᠬᠢᠭᠤᠯᠬᠤ ᠬᠤᠷᠠᠯ ᠳᠤ ᠣᠷᠣᠯᠴᠠᠪᠠ᠃    14 — 15 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ  ᠂ ᠭᠥᠸᠧ ᠵᠢᠢ ᠢᠨᠵᠧᠨᠧᠷᠢᠩ ᠤᠨ ᠪᠦᠯᠦᠭᠯᠡᠯ ᠤᠨ ᠬᠠᠷᠪᠢᠨ ᠤ ᠴᠠᠬᠢᠯᠭᠠᠨ ᠥᠷᠲᠡᠭᠡᠨ ᠤ ᠲᠣᠨᠤᠭ ᠲᠥᠬᠦᠭᠡᠷᠦᠮᠵᠢ ᠶᠢᠨ ᠢᠵᠢ ᠪᠦᠷᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠭᠠᠵᠠᠷ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠠᠩ ᠵᠧᠨ ᠢᠦᠶ ᠳᠤ ᠪᠠᠷ᠎ᠠ ᠪᠣᠯᠵᠣ᠂  ᠪᠤᠬᠢᠷᠳᠤᠯ ᠦᠭᠡᠢ ᠴᠠᠬᠢᠯᠭᠠᠨ ᠢᠶᠠᠷ ᠮᠧᠲ᠋ᠢᠯ ᠠᠯᠺᠣᠣᠯ ᠦᠢᠯᠡᠳᠬᠦ ᠲᠥᠷᠥᠯ ᠵᠦᠢᠯ ᠤᠨ ᠬᠠᠮᠲᠤᠷᠠᠯᠴᠠᠭᠠᠨ ᠤ ᠲᠠᠯ᠎ᠠ ᠪᠠᠷ ᠰᠢᠨᠵᠢᠯᠡᠨ ᠪᠠᠶᠢᠴᠠᠭᠠᠪᠠ᠃  15 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠬᠤᠪᠢᠶᠠᠷᠢ ᠬᠤᠷᠠᠯ ᠤᠨ ᠲᠠᠯᠠᠪᠠᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠵᠢᠱᠢᠶ᠎ᠡ ᠦᠵᠡᠭᠦᠯᠦᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ᠂ ᠮᠠᠨ ᠱᠦᠶ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 6 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠪᠠᠶᠠᠨᠭᠤᠣᠯ ᠪᠠᠯᠭᠠᠰᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠬᠤ ᠳᠤ ᠣᠷᠣᠯᠴᠠᠵᠤ᠂ ᠡᠷᠦᠬᠡ ᠪᠠᠷ ᠭᠦᠨᠵᠡᠭᠡᠶᠢᠷᠡᠨ ᠣᠷᠣᠯᠭ᠎ᠠ ᠶᠢ ᠲᠥᠰᠦᠭᠡᠯᠡᠨ ᠪᠤᠲᠤᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠥᠸᠧ ᠮᠢᠨ ᠨᠤᠨᠮᠦ᠋ᠷᠡᠨ ᠰᠢᠶᠠᠩ ᠤᠨ ᠰᠢᠨ ᠮᠢᠨ ᠲᠤᠰᠬᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠬᠠᠶ ᠶᠢᠨ ᠲᠠᠯᠠᠪᠠᠢ ᠳᠤ ᠠᠵᠢᠯᠯᠠᠬᠤ ᠬᠤᠷᠠᠯ ᠬᠢᠵᠡᠶ᠃    ᠲᠣᠰ ᠡᠳᠦᠷ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠠᠯᠳᠠᠷᠲᠤ ᠰᠤᠮᠤ ᠶᠢᠨ  ᠱᠠᠭᠠᠷᠭᠠᠳᠠᠢ ᠭᠠᠴᠠᠭ᠎ᠠ᠂ ᠬᠤᠯᠤᠰᠤᠲᠠᠶ ᠭᠠᠴᠠᠭ᠎ᠠ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠠᠵᠢᠯ ᠥᠷᠨᠢᠭᠦᠯᠦᠭᠰᠡᠨ ᠪᠠᠶᠢᠳᠠᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠦᠨᠡᠯᠡᠨ ᠵᠢᠱᠢᠵᠡᠶ᠃    16 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠰᠢᠤᠢ ᠵᠢᠶ ᠯᠦᠩ ᠬᠤᠪᠢᠶᠠᠷᠢ ᠬᠤᠷᠠᠯ ᠤᠨ ᠲᠠᠯᠠᠪᠠᠶ ᠳᠤ ︽ᠨᠠᠮ ᠤᠨ ᠠᠴᠢ  ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠢᠩᠭᠠᠨ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠠᠯᠳᠠᠷᠲᠤ ᠰᠤᠮᠤ ᠶᠢᠨ ᠬᠠᠷ᠎ᠠ ᠠᠭᠤᠯᠠ ᠭᠠᠴᠠᠭ᠎ᠠ᠂ ᠠᠯᠳᠠᠷᠲᠤ ᠭᠠᠴᠠᠭ᠎ᠠ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠠᠵᠢᠯ ᠥᠷᠨᠢᠭᠦᠯᠦᠭᠰᠡᠨ ᠪᠠᠶᠢᠳᠠᠯ ᠢ ᠦᠨᠡᠯᠡᠨ ᠵᠢᠱᠢᠪᠡ᠃ ᠠᠶᠢᠮᠠᠭ ᠤᠨ ᠵᠠᠬᠢᠷᠭ᠎ᠠ ᠪᠠᠷ ᠬᠦᠷᠴᠦ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠰᠦᠨ ᠰᠢᠩ ᠢᠦᠶ ᠳᠤ ᠠᠵᠢᠯ ᠢᠶᠠᠨ ᠬᠠᠷᠢᠭᠤ ᠮᠡᠳᠡᠭᠦᠯᠪᠡ᠃    16 — 17 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ᠂ ᠭᠥᠸᠧ ᠵᠢᠢ ᠢ ᠯᠦᠩ ︵ᠹᠦᠸᠧ ᠱᠠᠨ︶ ᠤᠰᠤ ᠠᠷᠪᠢᠯᠠᠬᠤ ᠤᠰᠤᠯᠠᠯᠲᠠ ᠶᠢᠨ ᠬᠢᠵᠠᠭᠠᠷᠲᠤ ᠺᠣᠮᠫᠠᠨᠢ ᠪᠠᠷ ᠬᠦᠷᠴᠦ ᠰᠢᠨᠵᠢᠯᠡᠨ ᠪᠠᠶᠢᠴᠠᠭᠠᠵᠠᠶ᠃    17 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ ᠬᠦᠮᠦᠰ ᠲᠤ ᠪᠠᠷ᠎ᠠ ᠪᠣᠯᠵᠣ ᠰᠢᠨᠯᠢᠨ ᠪᠠᠯᠭᠠᠰᠤᠨ ᠤ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠪᠥᠲᠥᠭᠡᠨ ᠪᠠᠶᠢᠭᠤᠯᠤᠯᠲᠠ ᠪᠠ ᠢᠨᠳᠡᠷ ᠪᠠᠯᠭᠠᠰᠤᠨ ᠤ ᠬᠤᠭ ᠨᠣᠪᠰᠢ ᠰᠢᠭᠰᠢᠬᠦ ᠬᠤᠪᠢᠶᠠᠷᠢ ᠦᠢᠯᠡᠳᠪᠤᠷᠢ ᠪᠠᠷ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠶᠢᠨ ᠰᠤᠳᠤᠯᠤᠨ ᠶᠠᠷᠢᠯᠴᠠᠬᠤ ᠮᠠᠲ᠋ᠧᠷᠢᠶᠠᠯ ᠤᠨ ᠬᠠᠮᠢᠶ᠎ᠠ ᠪᠥᠬᠦᠶ ᠠᠵᠢᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠳᠡᠳ᠋ ᠳᠠᠷᠤᠭ᠎ᠠ ᠴᠧᠨ ᠬᠠᠶ ᠱᠠᠨ ᠺᠠᠳ᠋ᠷᠴᠤᠳ ᠤᠨ ᠰᠦᠯᠵᠢᠶᠡᠨ ᠤ ᠳᠡᠭᠡᠳᠦ ᠰᠤᠷᠭᠠᠭᠤᠯᠢ ᠶᠢᠨ ᠤᠮᠠᠷᠠᠲᠤ ᠶᠢᠨ ᠡᠭᠦᠯᠡᠨ ᠬᠢᠴᠢᠶᠡᠯ ᠤᠨ ᠲᠠᠩᠬᠢᠮ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠢᠷᠢᠰ ᠰᠢᠭᠤᠳ ᠨᠡᠪᠲᠡᠷᠡᠭᠦᠯᠭᠡ ᠶᠢᠨ 13 ᠳ᠋ᠤᠭᠠᠷ ᠬᠤᠭᠤᠴᠠᠭᠠᠨ ᠤ ᠪᠣᠯᠪᠠᠰᠤᠷᠠᠯ ᠳᠤ ᠣᠷᠣᠯᠴᠠᠪᠠ᠃    17 — 18 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠢᠶᠠᠷ ᠬᠦᠷᠴᠦ ᠠᠵᠢᠯ ᠵᠤᠯᠭᠠᠭᠤᠯᠪᠠ᠃    18 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠪᠠᠶᠠᠨᠭᠤᠤᠯ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠢᠨᠠᠨ ᠵᠢᠯᠣᠭᠤᠳᠴᠤ᠂ ᠡᠷᠦᠬᠡ ᠪᠠᠷ ᠬᠦᠷᠴᠦ ᠣᠷᠣᠯᠭ᠎ᠠ ᠶᠢ ᠲᠥᠰᠦᠭᠡᠯᠡᠨ ᠪᠤᠳᠤᠵᠠᠢ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠳᠤ ᠳᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠷ᠎ᠡ ᠪᠦᠲᠦᠮᠵᠢ ᠶᠢ ᠰᠢᠯᠭᠠᠨ ᠦᠨᠡᠯᠡᠬᠦ ᠠᠵᠢᠯ ᠢ ᠵᠤᠯᠭᠠᠭᠤᠯᠪᠠ᠃    17 — 19 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ᠂ ᠹᠦᠸᠧ ᠱᠠᠨ ᠬᠤᠲᠠ ᠶᠢᠨ ᠰᠠᠨ ᠱᠦᠢ ᠲᠣᠭᠤᠷᠢᠭ ᠢᠶᠠᠷ ᠬᠦᠷᠴᠦ ᠨᠥᠬᠦᠷᠰᠡᠭ ᠬᠤᠲᠠ ᠶᠢᠨ ᠬᠠᠮᠲᠤᠷᠠᠯᠴᠠᠭ᠎ᠠ ᠶᠢ ᠵᠤᠯᠭᠠᠭᠤᠯᠵᠠᠢ᠃    19 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠪᠥᠸᠧ ᠨᠧᠩ ᠠᠮᠢᠳᠤ ᠪᠣᠳᠠᠰ ᠤᠨ ᠬᠠᠯᠠᠭᠤᠨ ᠴᠡᠭ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠪᠠᠶᠠᠨᠭᠤᠣᠯ ᠪᠠᠯᠭᠠᠰᠤᠨ ᠤ ︽ᠫᠸᠢ ᠭᠤᠸᠠᠩ ᡁᠢ ᠶᠢᠨ ᠬᠠᠨᠳᠢᠪᠯᠠᠬᠤ ᠶᠣᠰᠣᠯᠠᠯ︾ ᠳᠤ ᠣᠷᠣᠯᠴᠠᠪᠠ᠃    20 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠥᠷᠢ ᠰᠢᠷᠢ ᠶᠢ ᠢᠯᠭᠠᠷᠠᠭᠤᠯᠬᠤ ᠠᠵᠢᠯ ᠤᠨ ᠪᠣᠯᠵᠣᠨ ᠶᠠᠷᠢᠯᠴᠠᠵᠤ ᠱᠠᠯᠠᠪᠳᠠᠭᠤᠯᠤᠨ ᠰᠢᠢᠳᠪᠤᠷᠢᠯᠡᠬᠦᠯᠬᠦ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠠᠷ ᠬᠦᠷᠴᠦ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠥᠪᠡᠷᠲᠡᠭᠡᠨ ᠵᠠᠰᠠᠬᠤ ᠣᠷᠣᠨ ᠤ ᠭᠤᠤᠯ ᠰᠡᠳᠦᠪᠲᠦ ᠬᠥᠮᠦᠵᠢᠯ ᠤᠨ ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠶᠠᠷᠢᠯᠴᠠᠬᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠰᠢᠨᠯᠢᠨ ᠪᠠᠯᠭᠠᠰᠤ᠂  ᠬᠦᠷᠡᠯ ᠪᠠᠯᠭᠠᠰᠤ᠂ ᠠᠯᠳᠠᠷᠳᠤ ᠰᠤᠮᠤ᠂ ᠵᠡᠷᠭᠡᠨ᠎ᠡ ᠤᠢ ᠰᠢᠭᠤᠶ ᠶᠢᠨ ᠲᠠᠯᠠᠪᠠᠢ ᠪᠠᠷ ᠭᠦᠨᠵᠡᠭᠡᠶᠢᠷᠡᠨ ᠤᠢ ᠰᠢᠭᠤᠶ ᠨᠤᠳᠤᠭ ᠪᠡᠯᠴᠢᠭᠡᠷ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃ 21 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ᠂ ᠳᠡᠳ᠋ ᠳᠠᠷᠤᠭ᠎ᠠ ᠴᠧᠨ ᠬᠠᠶ ᠱᠠᠨ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠥᠪᠥᠷ ᠮᠣᠩᠭᠤᠯ ᠤᠨ ᠺᠠᠳ᠋ᠷᠴᠤᠳ ᠤᠨ ᠰᠦᠯᠵᠢᠶᠡᠨ ᠤ ᠳᠡᠭᠡᠳᠦ ᠰᠤᠷᠭᠠᠭᠤᠯᠢ ᠶᠢᠨ ︽ᠤᠮᠠᠷᠠᠲᠤ ᠶᠢᠨ ᠡᠭᠦᠯᠡᠨ ᠬᠢᠴᠢᠶᠡᠯ ᠤᠨ ᠲᠠᠩᠬᠢᠮ︾ ᠳᠤ ᠣᠷᠣᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠢᠷᠢᠰ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠤᠨ 14 ᠳ᠋ᠣᠭᠡᠷ ᠬᠤᠭᠤᠴᠠᠭᠠᠨ ᠤ ᠸᠢᠳᠢᠣ᠋ ᠬᠤᠷᠠᠯ ᠢ ᠡᠷᠭᠢᠯᠡᠪᠡ᠃    ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠥᠪᠡᠷᠲᠡᠭᠡᠨ ᠵᠠᠰᠠᠬᠤ ᠣᠷᠣᠨ ᠤ ᠭᠤᠤᠯ ᠰᠡᠳᠦᠪᠲᠦ ᠬᠥᠮᠦᠵᠢᠯ ᠤᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠰᠢᠭᠤᠨ ᠳᠤ ᠢᠷᠡᠵᠦ ᠬᠢᠨᠠᠨ ᠵᠢᠯᠣᠭᠤᠳᠬᠤ ᠶᠠᠷᠢᠯᠴᠠᠬᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ᠂ ᠰᠢᠣᠢ ᠵᠢᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠪᠦᠭᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ᠂ ᠹᠥᠸᠧ ᠱᠠᠨ ᠬᠤᠳᠠ ᠳᠤ ᠬᠢᠩᠭᠠᠨ ᠠᠶᠢᠮᠠᠭ ᠪᠣᠯᠤᠨ ᠹᠥᠸᠧ ᠱᠠᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠣᠷᠣᠨ ᠪᠦᠰᠡ ᠶᠢᠨ ᠰᠣᠯᠢᠯᠴᠠᠭ᠎ᠠ ᠵᠣᠯᠭᠠᠯᠴᠠᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠬᠤᠷᠠᠯ ᠳᠡᠭᠡᠷ᠎ᠡ ᠭᠤᠸᠠᠩᠳᠦ᠋ᠩ ᠮᠤᠵᠢ ᠶᠢᠨ ᠹᠥᠸᠧ ᠱᠠᠨ ᠬᠤᠳᠠ ᠶᠢᠨ ᠰᠠᠨ ᠱᠦᠢ ᠲᠣᠭᠤᠷᠢᠭ ᠲᠠᠢ ᠴᠢᠨᠠᠷ ᠰᠠᠶᠢᠲᠠᠢ ᠬᠥᠭᠵᠢᠯᠲᠡ ᠶᠢᠨ ᠨᠦᠬᠦᠷᠰᠡᠭ ᠬᠤᠳᠠ ᠶᠢᠨ ᠵᠥᠪᠯᠡᠯᠴᠡᠭᠡᠷ ᠲᠤᠬᠢᠷᠠᠯᠴᠠᠵᠠᠢ᠃    22 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠦᠷ᠎ᠡ ᠶᠢᠨ ᠮᠠᠯ ᠦᠷᠡᠵᠢᠭᠦᠯᠬᠦ ᠲᠥᠪ ᠢᠶᠠᠷ ᠬᠦᠷᠴᠦ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠪᠠᠶᠢᠴᠠᠭᠠᠨ ᠰᠤᠳᠤᠯᠪᠠ᠃    ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠭᠤᠤᠯᠳᠠᠯᠭ᠎ᠠ ᠲᠠᠢ ᠠᠵᠢᠯ ᠤᠨ ᠡᠳᠦᠷ ᠢ ᠦᠨᠡᠯᠡᠨ ᠵᠢᠱᠢᠬᠦ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭᠠᠬᠢ ᠦᠨᠡᠯᠡᠨ ᠵᠢᠱᠢᠵᠦ ᠬᠢᠨᠠᠨ ᠰᠢᠯᠭᠠᠭᠰᠠᠨ ᠪᠠᠶᠢᠳᠠᠯ ᠢ ᠦᠨᠡᠯᠡᠨ ᠵᠢᠱᠢᠵᠡᠶ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ᠂ ᠢᠦᠢ ᠬᠤ᠋ ᠬᠦᠢᠳᠡᠨ ᠬᠡᠯᠬᠢᠶ᠎ᠡ ᠶᠢᠨ ᠠᠷᠠᠯᠵᠢᠶᠠᠨ ᠤ ᠲᠥᠪ ᠢᠶᠠᠷ ᠬᠦᠷᠴᠦ ᠰᠢᠨᠵᠢᠯᠡᠨ ᠪᠠᠶᠢᠴᠠᠭᠠᠪᠠ᠃    23 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠰᠢᠩ ᠢᠦᠶ ᠳᠤ ᠪᠠᠷ᠎ᠠ ᠪᠣᠯᠵᠣ ᠱᠧᠨ᠋ᠶᠠᠩ ᠬᠤᠲᠠ ᠶᠢᠨ ᠳᠤᠮᠳᠠᠳᠤ ᠤᠯᠤᠰ ᠤᠨ ᠲᠡᠮᠦᠷ ᠵᠠᠮ ᠤᠨ ᠶᠢᠰᠦᠳᠦᠭᠡᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠷ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠪᠠ᠃    24 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠬᠤᠰᠢᠭᠤᠨ ᠤ ᠵᠠᠰᠠᠭ ᠤᠨ ᠣᠷᠳᠣᠨ ᠤ 2023 ᠣᠨ ᠤ ᠳᠣᠯᠣᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠬᠠᠷᠪᠢᠨ ᠬᠤᠲᠠ ᠪᠠᠷ ᠬᠦᠷᠴᠦ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠦᠷᠦᠯ ᠵᠦᠢᠯ ᠢ ᠵᠤᠯᠭᠠᠭᠤᠯᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ᠳᠤ ᠪᠠᠷ᠎ᠠ ᠪᠣᠯᠵᠣ ᠱᠧᠨ᠋ᠶᠠᠩ ᠤᠨ ᠰᠢᠨ ᠮᠢᠨ ᠬᠤᠲᠠ ᠶᠢᠨ ᠱᠢ ᠶᠤᠸᠠᠢ ᠳ᠋ᠤᠤ ᠲᠢᠶᠠᠨ ᠪᠦᠯᠦᠭᠯᠡᠯ ᠢᠶᠠᠷ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠪᠠ᠃    ᠬᠠᠷᠪᠢᠨ ᠤ ᠰᠣᠶᠣᠯ ᠵᠢᠭᠤᠯᠴᠢᠯᠠᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠢᠶᠠᠷ ᠬᠦᠷᠴᠦ ᠲᠤᠷᠠᠨ ᠴᠡᠴᠡᠷᠯᠢᠭ ᠤᠨ ᠮᠥᠰᠥ ᠴᠠᠰᠤᠨ ᠤ ᠲᠦᠷᠦᠯ ᠵᠦᠢᠯ ᠤᠨ ᠵᠢᠷᠤᠭ ᠲᠥᠯᠥᠪᠯᠡᠭᠡ ᠶᠢᠨ ᠰᠠᠨᠠᠯ ᠤᠨ ᠰᠣᠯᠢᠯᠴᠠᠭᠠᠨ ᠤ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠭᠤᠤᠯᠳᠠᠯᠭ᠎ᠠ ᠲᠠᠢ ᠠᠵᠢᠯ ᠤᠨ ᠡᠳᠦᠷ ᠢ ᠦᠨᠡᠯᠡᠨ ᠵᠢᠱᠢᠬᠦ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃    25 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ᠳᠤ ᠪᠠᠷ᠎ᠠ ᠪᠣᠯᠵᠣ ᠬᠠᠷᠪᠢᠨ ᠢᠶᠠᠷ ᠬᠦᠷᠴᠦ ᠵᠠᠯᠠᠶᠢᠳ ᠬᠤᠰᠢᠭᠤ ᠪᠤᠯᠤᠨ ᠬᠠᠷᠠᠮᠥ᠋ᠷᠡᠨ ᠤ ᠪᠧᠢ ᠸᠧᠢ ᠰᠧ ᠱᠢ ᠴᠢ ᠪᠣᠬᠢᠷᠲᠤᠯ ᠥᠬᠡᠶ ᠣᠷᠭᠠᠨᠢᠭ ᠢᠳᠡᠭᠡᠨ ᠤ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠵᠥᠪᠳᠡᠯᠴᠡᠭᠡᠨ ᠤ ᠵᠣᠯᠭᠠᠯᠴᠠᠭ᠎ᠠ ᠬᠢᠵᠡᠢ᠃ ᠬᠠᠷᠪᠢᠨ ᠤ ᠠ ᠴᠧᠩ ᠲᠣᠭᠤᠷᠢᠭ ᠤᠨ ᠴᠦᠨ ᠬᠤᠸᠠ ᠴᠢᠦ ᠱᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠷ ᠬᠦᠷᠴᠦ ᠲᠤᠲᠤᠷᠭ᠎ᠠ ᠶᠢᠨ ᠬᠠᠯᠢᠰᠤᠨ ᠴᠠᠬᠢᠭᠤᠷ ᠤᠨ ᠳᠠᠪᠬᠤᠷ ᠢᠰᠦᠯ ᠤᠨ ᠦᠢᠯᠡᠳᠪᠦᠷᠢᠯᠡᠯ ᠤᠨ ᠲᠦᠷᠦᠯ ᠵᠦᠢᠯ ᠢ ᠰᠢᠨᠵᠢᠯᠡᠨ ᠪᠠᠶᠢᠴᠠᠭᠠᠪᠠ᠃ ᠴᠠᠩᠴᠦ᠋ᠨ ᠬᠤᠲᠠ ᠪᠠᠷ ᠬᠦᠷᠴᠦ ᠵᠢᠩ ᠶᠤᠸᠠᠨ ︵ᠭᠢᠷᠢᠨ︶ ᠪᠠᠯᠠ ᠣᠷᠣᠭᠤᠯᠤᠯᠲᠠ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠲᠠᠢ ᠲᠥᠷᠥᠯ ᠵᠦᠢᠯ ᠢ ᠵᠣᠯᠭᠠᠭᠤᠯᠬᠤ ᠠᠵᠢᠯ ᠥᠷᠨᠢᠭᠦᠯᠪᠡ᠃    26 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠰᠢᠤᠢ ᠵᠢᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ᠂ ᠮᠠᠨ ᠱᠦᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠰᠦᠨ ᠰᠢᠩ ᠢᠦᠢ ᠱᠦᠵᠢ ᠶᠢᠨ ᠡᠷᠭᠢᠯᠡᠭᠰᠡᠨ ᠵᠠᠯᠠᠶᠢᠳ ᠬᠤᠰᠢᠭᠤᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠤᠯᠠᠭᠠᠨᠬᠤᠲᠠ ᠪᠠᠷ ᠬᠦᠷᠴᠦ ᠥᠪᠡᠷᠲᠡᠭᠡᠨ ᠵᠠᠰᠠᠬᠤ ᠣᠷᠣᠨ ᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠳᠤᠭᠤᠶᠢᠯᠠᠩ ᠤᠨ ᠵᠠᠩ ᠫᠧᠩ ᠹᠸᠢ ᠪᠠᠭᠰᠢ ᠶᠢ ᠤᠭᠲᠤᠵᠠᠶ᠃    27 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠤᠯᠠᠭᠠᠨᠬᠤᠲᠠ ᠪᠠᠷ ᠬᠦᠷᠴᠦ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠦᠨᠡᠯᠡᠨ ᠵᠢᠱᠢᠬᠦ ᠳᠤᠭᠤᠶᠢᠯᠠᠩ  ᠤᠨ ᠬᠠᠮᠢᠶ᠎ᠠ ᠪᠦᠬᠦᠢ ᠬᠦᠮᠦᠰ ᠢ ᠤᠭᠲᠤᠵᠤ᠂ ᠶᠡᠷᠦᠩᠬᠡᠶᠢᠯᠡᠭᠰᠡᠨ ᠦᠨᠡᠯᠡᠨ ᠵᠢᠱᠢᠬᠦ ᠳᠤᠭᠤᠶᠢᠯᠠᠩ ᠳᠤ ᠪᠠᠷ᠎ᠠ ᠪᠣᠯᠵᠣ ᠲᠠᠩᠰᠠ ᠡᠪᠬᠡᠮᠡᠯ ᠮᠠᠲ᠋ᠧᠷᠢᠶᠠᠯ ᠢ ᠪᠠᠶᠢᠴᠠᠭᠠᠨ ᠦᠵᠡᠪᠡ᠃    28 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠬᠤᠰᠢᠭᠤᠨ ᠤ ᠨᠠᠮ ᠤᠨ ᠬᠤᠷᠢᠶᠠᠨ ᠤ ᠰᠦᠨ ᠰᠢᠩ ᠢᠦᠢ ᠱᠦᠵᠢ ᠶᠢᠨ ᠡᠷᠬᠢᠯᠡᠭᠰᠡᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠬᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠢᠦᠢ ᠮᠢᠶᠣᠣ ᠶᠢ ᠬᠦᠯᠢᠶᠡᠨ ᠠᠪᠴᠤ᠂ ᠱᠦᠵᠢ ᠨᠡᠷ ᠤᠨ ᠲᠤᠰᠬᠠᠶ ᠰᠡᠳᠦᠪᠲᠦ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠪᠥᠬᠦ ᠣᠷᠣᠨ ᠤ ᠡᠪᠦᠯ ᠬᠠᠪᠤᠷ ᠤᠨ ᠲᠠᠷᠢᠶᠠᠯᠠᠩ ᠤᠨ ᠤᠰᠤᠨ ᠠᠰᠢᠭᠯᠠᠯᠲᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠧᠯᠸᠢᠰ ᠤᠲᠠᠰᠤᠳᠤ ᠬᠤᠷᠠᠯ ᠳᠤ ᠣᠷᠣᠯᠴᠠᠪᠠ᠃ ᠠᠶᠢᠮᠠᠭ ᠤᠨ ᠵᠠᠬᠢᠷᠭ᠎ᠠ ᠶᠢᠨ ᠴᠢᠦᠶ ᠵᠧᠨ ᠨᠢᠶᠠᠨ ᠠᠶᠢᠮᠠᠭ ᠤᠨ ᠳᠠᠷᠤᠭ᠎ᠠ ᠳᠤ ᠪᠠᠷ᠎ᠠ ᠪᠤᠯᠵᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠤᠯᠠᠭᠠᠨᠬᠤᠲᠠ ᠪᠠᠷ ᠬᠦᠷᠴᠦ ᠥᠪᠥᠷ ᠮᠣᠩᠭᠤᠯ ᠤᠨ ᠪᠥᠸᠧ ᠤᠣ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠯᠢᠦ ᠪᠦᠦ ᠰᠢᠤ ᠲᠠᠢ ᠲᠥᠷᠥᠯ ᠵᠦᠢᠯ ᠤᠨ ᠬᠠᠮᠲᠤᠷᠠᠯᠴᠠᠭᠠᠨ ᠤ ᠵᠦᠢᠯᠡᠰ ᠢ ᠵᠣᠯᠭᠠᠭᠤᠯᠪᠠ ᠃ ᠤᠯᠠᠭᠠᠨᠬᠤᠲᠠ ᠪᠠᠷ ᠬᠦᠷᠴᠦ᠂ ᠳᠤᠮᠳᠠᠳᠤ ᠤᠯᠤᠰ ᠤᠨ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠵᠧᠵᠢᠶᠠᠩ ᠤᠨ ᠢᠯᠴᠢ ᠶᠢᠨ ᠴᠠᠬᠢᠯᠭᠠᠨ ᠤ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠣᠷᠣᠨ ᠪᠦᠰᠡ ᠶᠢᠨ ᠳᠠᠭᠠᠭᠠᠮᠠᠯ ᠯᠢᠦᠶ ᠳ᠋ᠧ ᡁᠢ ᠲᠠᠢ ᠲᠥᠷᠥᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠣᠯᠭᠠᠭᠤᠯᠪᠠ᠃   29 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠵᠠᠬᠢᠳᠠᠯ ᠰᠤᠷᠪᠤᠯᠵᠢᠯᠠᠯ ᠤᠨ ᠲᠤᠪᠴᠢᠶ᠎ᠠ ᠳᠤ ᠵᠢᠵᠢᠭᠦᠷᠯᠡᠵᠦ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠨᠡᠯᠡᠨ ᠵᠢᠱᠢᠬᠦ ᠳᠤᠭᠤᠶᠢᠯᠠᠩ ᠳᠤ ᠪᠠᠷ᠎ᠠ ᠪᠣᠯᠵᠣ ᠱᠧᠨ ᠱᠠᠨ ᠦᠵᠡᠮᠵᠢ ᠶᠢᠨ ᠣᠷᠣᠨ᠂ ᠪᠠᠶᠠᠨᠲᠠᠯ᠎ᠠ ᠶᠢᠨ  ᠦᠵᠡᠮᠵᠢ ᠶᠢᠨ ᠣᠷᠣᠨ ᠳᠤ ᠪᠠᠶᠢᠴᠠᠭᠠᠨ ᠰᠤᠳᠤᠯᠤᠯᠲᠠ ᠬᠢᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠠᠶᠢᠮᠠᠭ ᠤᠨ ᠵᠠᠬᠢᠷᠭ᠎ᠠ ᠶᠢᠨ ᠴᠢᠦᠶ ᠵᠧᠨ ᠨᠢᠶᠠᠨ ᠠᠶᠢᠮᠠᠭ ᠤᠨ ᠳᠡᠳ᠋ ᠳᠠᠷᠤᠭ᠎ᠠ ᠳᠤ ᠪᠠᠷ᠎ᠠ ᠪᠣᠯᠵᠣ ᠪᠠᠶᠠᠨᠭᠤᠤᠯ ᠪᠠᠯᠭᠠᠰᠤᠨ ᠤ ᠰᠢᠩ ᠬᠤᠸᠠ ᠲᠣᠰᠬᠤᠨ᠂ ᠰᠢᠩ ᠱᠧᠩ ᠲᠣᠰᠬᠤᠨ ᠢᠶᠠᠷ ᠭᠦᠨᠵᠡᠭᠡᠶᠢᠷᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠪᠦᠭᠦ ᠣᠷᠣᠨ ᠤ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠳᠤ ᠣᠷᠣᠯᠴᠠᠪᠠ᠃    30 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠦᠬᠠᠶ ᠶᠢᠨ ᠪᠠᠶᠢᠴᠠᠭᠠᠬᠤ ᠳᠤᠭᠤᠶᠢᠯᠠᠩ ᠳᠤ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠴᠧᠨ ᠬᠠᠶ ᠱᠠᠨ᠂ ᠮᠠᠨ ᠱᠦᠶ ᠯᠦᠩ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 13 ᠳ᠋ᠣᠭᠠᠷ ᠤᠳᠠᠭ᠎ᠠ ᠶᠢᠨ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠦᠬᠠᠶ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠮᠢᠶ᠎ᠠ ᠪᠦᠬᠦᠢ ᠬᠦᠮᠦᠰ ᠲᠤ ᠪᠠᠷ᠎ᠠ ᠪᠤᠯᠵᠤ᠂ ᠪᠦᠭᠦ ᠬᠤᠰᠢᠭᠤᠨ ᠤ ᠰᠢᠲᠠᠮᠠᠬᠠᠶ ᠬᠡᠢ ᠶᠢ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ ᠠᠵᠢᠯ ᠢ ᠬᠢᠨᠠᠨ ᠵᠢᠯᠣᠭᠤᠳᠴᠤ᠂ ᠠᠶᠢᠮᠠᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠪᠠᠷ ᠬᠦᠷᠴᠦ ᠰᠦᠨ ᠰᠢᠩ ᠢᠦᠢ ᠱᠦᠵᠢ ᠳᠤ ᠪᠠᠷ᠎ᠠ ᠪᠤᠯᠵᠤ ᠯᠢ ᠶᠠᠨ ᠴᠢᠨ ᠢ ᠬᠦᠯᠢᠶᠡᠨ ᠠᠪᠤᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠪᠠ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠠᠷᠢᠯᠴᠠᠬᠤ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠪᠦᠯ ᠤᠨ ᠤᠯᠠᠷᠢᠯ ᠤᠨ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号