ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/4/19
            ︱ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠢ ᠬᠠᠮᠲᠤ ᠪᠠᠷ ᠦᠢᠯᠡᠳᠦᠯᠭᠡᠵᠢᠭᠦᠯᠵᠦ ᠡᠷᠡᠭᠦᠯ ᠮᠡᠨᠳᠦ ᠶᠢ ᠬᠠᠮᠲᠤ ᠪᠠᠷ ᠡᠳ᠋ᠯᠡᠶ᠎ᠡ            ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ  ᠤᠨ ᠠᠵᠢᠯᠯᠠᠭ᠎ᠠ ᠳᠤ ᠬᠥᠮᠥᠨ ᠪᠦᠬᠦᠨ ᠣᠷᠣᠯᠴᠠᠵᠦ᠂ ᠡᠷᠡᠭᠦᠯ ᠴᠢᠭᠢᠷᠠᠭ ᠠᠮᠢᠳᠤᠷᠠᠯ ᠢ ᠬᠥᠮᠥᠨ ᠪᠦᠬᠦᠨ ᠡᠳ᠋ᠯᠡᠶ᠎ᠡ  ᠃ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠬᠦᠷᠴᠦ ᠢᠷᠡᠬᠦ ᠲᠠᠰᠢᠷᠠᠮ ᠳᠤ ᠳᠣᠣᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠶ᠎ᠠ᠄            ︵ᠨᠢᠭᠡ︶ ᠡᠷᠡᠭᠦᠯ ᠴᠢᠭᠢᠷᠠᠭ ᠪᠡᠶ᠎ᠡ ᠶᠢᠨ ᠬᠦᠨᠳᠦ ᠲᠠᠢ ᠪᠠᠶᠢᠬᠤ ᠶᠢ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠶ᠎ᠡ᠃ ︽ᠬᠥᠮᠥᠨ ᠨᠢᠭᠡᠪᠦᠷᠢ ᠪᠣᠯ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠤᠯᠠᠭᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠡᠩ ᠲᠡᠷᠢᠭᠦᠨ ᠳᠤ ︽ᠡᠷᠡᠭᠦᠯ ᠴᠢᠭᠢᠷᠠᠭ ᠪᠡᠶ᠎ᠡ ᠶᠢᠨ ᠬᠦᠨᠳᠦ︾ ᠶᠢᠨ ᠬᠠᠮᠢᠶᠠᠷᠤᠯᠲᠠ ᠪᠠᠨ ᠠᠩᠬᠠᠷᠴᠦ᠂ ᠪᠡᠶ᠎ᠡ ᠶᠢᠨ ᠬᠦᠨᠳᠦ ᠶᠢᠨ ᠬᠤᠪᠢᠷᠠᠯᠲᠠ ᠪᠠᠨ ᠣᠶᠢᠯᠠᠭᠠᠨ᠂ ᠢᠳᠡᠭᠡᠨ ᠤᠮᠳᠠᠭᠠᠨ ᠢᠶᠠᠨ ᠰᠠᠨᠠᠭᠠᠴᠢᠯᠠᠭ᠎ᠠ ᠠᠴᠠ ᠪᠠᠨ ᠲᠣᠬᠢᠷᠠᠭᠤᠯᠵᠤ ᠂ ᠬᠥᠳᠡᠯᠭᠡᠭᠡᠨ ᠪᠠ ᠪᠣᠯᠪᠠᠰᠤᠷᠠᠯ ᠢᠶᠠᠨ ᠴᠢᠩᠭᠠᠳᠬᠠᠨ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠡᠳᠦᠷ ᠲᠤᠲᠤᠮ ᠤᠨ ᠰᠤᠷᠤᠯᠴᠠᠯᠭ᠎ᠠ᠂ ᠠᠵᠢᠯ ᠪᠠ ᠠᠮᠢᠳᠤᠷᠠᠯ ᠳᠤ ᠪᠠᠨ ᠠᠭᠤᠰᠬᠠᠵᠦ ᠣᠷᠣᠭᠤᠯᠤᠶ᠎ᠠ  ᠃            ︵ᠬᠤᠶᠠᠷ︶ ᠡᠷᠡᠭᠦᠯ ᠮᠡᠨᠳᠦ ᠶᠢᠨ ᠮᠡᠳᠡᠯᠭᠡ ᠶᠢ ᠬᠥᠮᠥᠨ ᠪᠣᠯᠭᠠᠨ ᠣᠶᠢᠯᠠᠭᠠᠶ᠎ᠠ᠃ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠦᠷᠨᠢᠭᠦᠯᠦᠶ᠎ᠡ ᠃ ᠠᠯᠪᠠᠨ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠢᠶᠠᠷ ᠬᠦᠷᠴᠦ᠂ ᠠᠳᠠᠯᠢ ᠪᠤᠰᠤ ᠬᠥᠮᠥᠰ ᠪᠠ ᠲᠠᠯᠠᠪᠤᠷ ᠭᠠᠵᠠᠷ ᠤᠨ ᠣᠨᠴᠠᠯᠢᠭ ᠲᠤ ᠴᠢᠭᠯᠡᠭᠦᠯᠦᠨ᠂ ᠡᠷᠡᠭᠦᠯ ᠴᠢᠭᠢᠷᠠᠭ ᠪᠡᠶ᠎ᠡ ᠶᠢᠨ ᠬᠦᠨᠳᠦ ᠪᠠ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠥᠷᠭᠡᠨ ᠤᠯᠠᠨ ᠠᠷᠠᠳ ᠲᠦᠮᠡᠨ ᠢ ᠳᠠᠶᠢᠴᠢᠯᠠᠨ ᠵᠢᠯᠤᠭᠤᠳᠴᠤ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠶ᠎ᠠ᠃           ︵ᠭᠤᠷᠪᠠ︶ ᠡᠷᠡᠭᠦᠯ ᠮᠡᠨᠳᠦ ᠶᠢᠨ ᠠᠵᠢᠯᠯᠠᠭ᠎ᠠ ᠳᠤ ᠬᠥᠮᠥᠨ ᠪᠦᠬᠦᠨ ᠤᠷᠤᠯᠴᠠᠵᠠᠭᠠᠶ᠎ᠠ᠃ ︽ᠡᠷᠡᠭᠦᠯ ᠴᠢᠬᠢᠷᠠᠭ ᠤᠨ ᠪᠤᠯᠪᠠᠰᠤᠷᠠᠯ︾ ︽ᠫᠢᠯᠡ ᠬᠤᠭᠤᠰᠤᠯᠠᠬᠤ︾ ︽ᠬᠤᠭ ᠨᠣᠪᠰᠢ ᠶᠢ ᠲᠥᠷᠥᠯ ᠬᠤᠪᠢᠶᠠᠬᠤ︾ ᠵᠡᠷᠭᠡ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠠᠭᠠᠶ᠎ᠠ᠃ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠡᠷᠡᠭᠦᠯ ᠮᠡᠨᠳᠦ ᠶᠢᠨ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠥᠬᠦ ᠨᠡᠶᠢᠭᠡᠮ ᠢᠶᠠᠷ ᠢᠶᠠᠨ ︽ᠬᠥᠮᠥᠨ ᠪᠦᠬᠦᠨ  ᠣᠷᠣᠯᠴᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ  ᠳᠠᠶᠢᠴᠢᠯᠠᠶ᠎ᠠ᠃            ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ   ᠳᠤ ᠬᠠᠮᠲᠦ ᠪᠠᠷ ᠤᠷᠤᠯᠴᠠᠵᠦ᠂ ᠡᠷᠡᠭᠦᠯ ᠮᠡᠨᠳᠦ ᠶᠢ ᠬᠠᠮᠲᠤ ᠪᠠᠷ ᠡᠳ᠋ᠯᠡᠶ᠎ᠠ᠃  ᠪᠢᠳᠡᠨ ᠢᠳᠡᠪᠬᠢᠲᠡᠢ ᠪᠠᠷ ᠬᠥᠳᠡᠯᠦᠯᠴᠡᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠯᠠᠮᠵᠢᠯᠠᠯ  ᠢᠶᠠᠨ ᠪᠠᠳᠠᠷᠠᠭᠤᠯᠤᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠡᠷᠡᠭᠦᠯ ᠰᠠᠷᠠᠭᠤᠯ ᠵᠠᠯᠠᠶᠢᠳ ᠤᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠵᠡᠭᠡᠶ᠎ᠡ᠃                            ᠪᠤᠯᠭᠠᠨᠬᠤᠸᠠ ᠰᠤᠮᠤ ᠶᠢᠨ ᠠᠷᠠᠳ ᠤᠨ ᠵᠠᠰᠠᠭ ᠤᠨ ᠣᠷᠳᠣᠨ                                      2024ᠣᠨ ᠤ 4 ᠳ᠋ᠦ᠋ᠭᠡᠷ ᠰᠠᠷ᠎ᠠ
 
ᠢᠷᠡᠯᠲᠡ᠄ ᠪᠤᠯᠭᠠᠨᠬᠤᠸᠠ ᠰᠤᠮᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号