ᠵᠠᠯᠠᠶᠢᠳ ᠬᠤᠰᠢᠭᠤ ᠬᠤᠪᠢᠰᠬᠠᠯᠳᠤ ᠰᠤᠶᠤᠯ ᠤᠨ ᠠᠮᠢᠵᠢᠷᠠᠯ ᠤᠨ ᠬᠦᠴᠦᠨ ᠢ ᠬᠦᠭᠵᠢᠬᠡᠵᠦ ᠪᠤᠢ
ᠨᠡᠶᠢᠲᠡᠯᠡᠭᠰᠡᠨ ᠴᠠᠭ᠄
2024/4/19
      ᠤᠶᠢᠷ᠎ᠠ ᠶᠢᠨ ᠡᠳᠦᠷ ᠠᠴᠠ ᠨᠠᠭᠠᠰᠢ᠂ ᠵᠠᠯᠠᠶᠢᠳ ᠬᠤᠰᠢᠭᠤ ᠲᠤᠬᠠᠢ ᠶᠢᠨ ᠭᠠᠵᠠᠷ ᠤᠨ ᠲᠠᠪᠠᠭᠤᠯᠢᠭ ᠲᠠᠭᠠᠨ ᠲᠦᠰᠢᠭᠯᠡᠨ᠂ ︽ᠤᠮᠠᠷᠠᠳᠤ ᠬᠢᠯᠢ ᠶᠢᠨ ᠰᠤᠶᠤᠯ︾ ᠤᠨ ᠭᠤᠤᠯ ᠰᠡᠳᠤᠪ ᠲᠤ ᠠᠩᠬᠠᠷᠦᠯ ᠢᠶᠠᠨ ᠲᠦᠪᠯᠡᠷᠡᠬᠦᠯᠵᠦ᠂ ︽ᠤᠮᠠᠷᠠᠳᠤ ᠬᠢᠯᠢ ᠶᠢᠨ ᠰᠤᠶᠤᠯ︾ ᠤᠨ ᠠᠭᠤᠯᠤᠬᠳᠠᠬᠤᠨ ᠢ ᠬᠦᠨᠵᠡᠬᠡᠢ ᠡᠷᠢᠯᠬᠢᠯᠡᠵᠦ᠂ ᠬᠤᠪᠢᠰᠬᠠᠯᠳᠤ ᠰᠤᠶᠤᠯ ᠢ ᠡᠯ᠎ᠡ ᠲᠦᠷᠦᠯ ᠤᠨ ᠠᠵᠢᠯᠯᠠᠭ᠎ᠠ ᠳᠤ ᠠᠭᠤᠰᠤᠯᠴᠠᠭᠤᠯᠵᠦ᠂ ᠤᠯᠠᠨ ᠲᠦᠮᠡᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠵᠦ᠂ ᠬᠤᠪᠢᠰᠬᠠᠯᠳᠤ ᠰᠤᠶᠤᠯ ᠤᠨ ᠰᠢᠨ᠎ᠠ ᠠᠮᠢᠵᠢᠷᠠᠯ ᠤᠨ ᠬᠦᠴᠦᠨ ᠢ ᠬᠦᠭᠵᠢᠭᠡᠭᠰᠡᠨ ᠪᠠᠶᠢᠨ᠎ᠠ᠃      ᠵᠠᠯᠠᠶᠢᠳ ᠬᠤᠰᠢᠭᠤᠨ ᠤ ᠢᠨᠳᠡᠷ ᠲᠠᠪᠤᠳᠤᠭᠠᠷ ᠪᠠᠭ᠎ᠠ ᠰᠤᠷᠭᠠᠭᠤᠯᠢ ᠬᠤᠪᠢᠰᠬᠠᠯᠳᠤ ᠰᠤᠶᠤᠯ ᠢ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ ᠤᠷᠤᠭᠤᠯᠬᠤ᠂ ᠨᠡᠶᠢᠬᠡᠮᠯᠢᠭ ᠲᠤ ᠤᠷᠤᠭᠤᠯᠬᠤ ᠲᠡᠭᠡᠷ᠎ᠡ ᠬᠦᠴᠦ ᠲᠠᠯᠪᠢᠵᠦ᠂ ᠬᠤᠪᠢᠰᠬᠠᠯᠳᠤ ᠰᠤᠶᠤᠯ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ᠂ ᠬᠤᠪᠢᠰᠬᠠᠯᠳᠤ ᠰᠤᠶᠤᠯ ᠤᠨ ᠭᠤᠤᠯ ᠰᠡᠳᠤᠪᠳᠤ ᠠᠩᠬᠢ ᠶᠢᠨ ᠬᠤᠷᠠᠯ ᠵᠡᠷᠭᠡ ᠪᠠᠷ ᠲᠠᠮᠵᠢᠭᠤᠯᠤᠨ᠂ ᠬᠤᠪᠢᠰᠬᠠᠯᠳᠤ ᠰᠤᠶᠤᠯ ᠢ ᠬᠢᠴᠢᠶᠡᠯ ᠤᠨ ᠲᠠᠩᠬᠢᠮ ᠳᠤ ᠤᠷᠤᠭᠤᠯᠵᠦ ᠪᠠᠶᠢᠨ᠎ᠠ᠃     ᠤᠶᠢᠯᠠᠭᠠᠬᠰᠠᠨ ᠢᠶᠠᠷ᠂ ᠵᠠᠯᠠᠶᠢᠳ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ ᠪᠦᠬᠦ ᠬᠤᠰᠢᠭᠤᠨ ᠤ ᠪᠠᠭᠰᠢ ᠰᠤᠷᠤᠬᠴᠢᠳ ᠢ ᠢᠳᠡᠪᠬᠢᠳᠡᠢ ᠤᠳᠤᠷᠢᠳᠤᠨ ᠬᠤᠪᠢᠰᠬᠠᠯᠳᠤ ᠤᠳᠤᠮᠰᠢᠯ ᠢ ᠵᠠᠯᠭᠠᠮᠵᠢᠯᠠᠭᠤᠯᠵᠦ᠂ ᠬᠢᠴᠢᠶᠡᠯ ᠤᠨ ᠲᠠᠩᠬᠢᠮ ᠪᠤᠯᠤᠨ ᠬᠤᠪᠢᠰᠬᠠᠯᠳᠤ ᠰᠤᠶᠤᠯ ᠢ ᠤᠷᠭᠠᠨᠢᠭ ᠢᠶᠠᠷ ᠠᠭᠤᠰᠤᠯᠴᠠᠭᠤᠯᠵᠦ᠂ ᠬᠤᠪᠢᠰᠬᠠᠯᠳᠤ ᠬᠦᠮᠦᠵᠢᠯ ᠤᠨ ᠵᠢᠭᠠᠨ ᠰᠤᠷᠭᠠᠯᠳᠠ ᠶᠢᠨ ᠠᠵᠢᠯ ᠤᠨ ᠰᠢᠨ᠎ᠠ ᠪᠠᠶᠢᠳᠠᠯ ᠢ ᠨᠡᠬᠡᠬᠡᠵᠦ᠂ ᠨᠡᠩ ᠤᠯᠠᠨ ᠰᠢᠨ᠎ᠠ ᠴᠠᠭ ᠦᠶ᠎ᠡ ᠶᠢᠨ ᠰᠢᠯᠢᠳᠡᠭ ᠬᠦᠮᠦᠨ ᠢ ᠬᠦᠮᠦᠵᠢᠬᠦᠯᠵᠦ ᠪᠠᠶᠢᠨ᠎ᠠ᠃      ᠵᠠᠯᠠᠶᠢᠳ ᠬᠤᠰᠢᠭᠤᠨ ᠤ ᠰᠤᠶᠤᠯ ᠤᠨ ᠬᠦᠷᠢᠶᠡᠯᠡᠩ ᠳᠤ ᠤᠷᠠᠨ ᠪᠢᠴᠢᠯᠬᠡᠳᠡᠨ᠂ ᠠᠷᠠᠳ ᠤᠨ ᠤᠷᠠᠯᠢᠬᠴᠢᠨ ᠨᠠᠷ ᠤᠷᠠᠨ ᠵᠢᠷᠤᠭ ᠵᠢᠷᠦᠵᠦ᠂ ᠤᠷᠠᠨ ᠪᠢᠴᠢᠯᠬᠡ ᠪᠢᠴᠢᠵᠦ ᠪᠠᠶᠢᠯ᠎ᠠ᠃ ᠲᠤᠰ ᠰᠤᠶᠤᠯ ᠤᠨ ᠬᠦᠷᠢᠶᠡᠯᠡᠩ ᠪᠠᠶᠢᠭᠤᠯᠤᠬᠳᠠᠬᠰᠠᠨ ᠠᠴᠠ ᠨᠠᠭᠠᠰᠢ᠂ ᠬᠡᠰᠢᠬᠦᠳ ᠬᠤᠪᠢᠰᠬᠠᠯᠳᠤ ᠰᠤᠶᠤᠯ ᠢᠶᠠᠷ ᠭᠤᠤᠯ ᠰᠡᠳᠤᠪ ᠪᠤᠯᠭᠠᠵᠦ᠂ ᠠᠭᠤᠯᠠ ᠤᠰᠤ᠂ ᠴᠡᠴᠡᠭ ᠰᠢᠪᠠᠭᠤ᠂ ᠰᠤᠳᠤᠨ ᠬᠦᠮᠦᠨ ᠵᠡᠷᠭᠡ ᠶᠢ ᠵᠢᠷᠤᠬᠤ ᠪᠠᠷ ᠲᠠᠮᠵᠢᠭᠤᠯᠤᠨ᠂ ᠠᠵᠢᠯᠯᠠᠵᠦ ᠠᠮᠢᠳᠦᠷᠠᠵᠦ ᠪᠠᠶᠢᠬᠰᠠᠨ ᠭᠠᠵᠠᠷ ᠤᠨ ᠢᠶᠠᠨ ᠵᠠᠩ ᠦᠢᠯᠨ ᠲᠦᠷᠢ ᠲᠦᠷᠬᠦ ᠶᠢ ᠢᠯᠡᠷᠡᠬᠦᠯᠦᠭᠰᠡᠨ ᠪᠠᠶᠢᠨ᠎ᠠ᠃      ᠵᠠᠯᠠᠶᠢᠳ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠲᠤᠬᠠᠢ ᠶᠢᠨ ᠭᠠᠵᠠᠷ ᠤᠨ ᠰᠤᠶᠤᠯ ᠤᠨ ᠰᠠᠶᠢᠨ ᠲᠤᠷᠠᠴᠤᠤᠯ ᠤᠨ ᠬᠦᠴᠦᠨ ᠢ ᠪᠦᠷᠢᠮᠦᠰᠦᠨ ᠠᠰᠢᠬᠯᠠᠵᠦ᠂ ᠠᠮᠢᠵᠢᠷᠠᠯ ᠤᠨ ᠬᠦᠴᠦᠨ ᠲᠠᠢ ᠰᠢᠯᠢᠳᠡᠭ ᠰᠤᠶᠤᠯ ᠢ ᠲᠠᠰᠦᠷᠠᠯᠳᠠ ᠦᠬᠡᠢ ᠪᠤᠢ ᠪᠤᠯᠭᠠᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ︽ᠤᠮᠠᠷᠠᠳᠤ ᠬᠢᠯᠢ ᠶᠢᠨ ᠰᠤᠶᠤᠯ︾ ᠰᠢᠷᠢᠰ ᠰᠤᠶᠤᠯ ᠤᠷᠠᠯᠢᠭ ᠤᠨ ᠠᠵᠢᠯᠯᠠᠭ᠎ᠠ ᠦᠷᠨᠢᠬᠦᠯᠵᠦ᠂ ᠦᠨᠳᠦᠰᠦᠨ ᠱᠠᠳᠦᠨ ᠤ ᠤᠯᠠᠨ ᠲᠦᠮᠡᠨ ᠳᠤ ᠰᠤᠶᠤᠯ ᠢ ᠬᠦᠷᠭᠡᠵᠦ᠂ ᠤᠯᠠᠨ ᠲᠦᠮᠡᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠵᠦ᠂ ᠤᠳᠬ᠎ᠠ ᠤᠷᠠᠯᠢᠭ ᠤᠨ ᠴᠡᠴᠡᠭᠯᠡᠯᠳᠡ ᠪᠠᠷ ᠵᠠᠯᠠᠶᠢᠳ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠳᠠᠢ ᠬᠦᠭᠵᠢᠯᠳᠡ ᠳᠤ ᠬᠦᠴᠦᠷᠭᠡᠭ ᠶᠡᠭᠡ ᠤᠶᠤᠨ ᠰᠠᠨᠠᠭᠠᠨ ᠤ ᠬᠦᠴᠦᠨ ᠢ ᠨᠢᠬᠳᠠᠷᠠᠭᠤᠯᠬᠤ ᠪᠤᠯᠤᠨ᠎ᠠ᠃                                                  ︵ᠬᠠᠨ᠎ᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号