ᠰᠤᠷᠭᠠᠭᠤᠯᠢ ᠶᠢᠨ ᠬᠦᠷᠢᠶᠠᠨ ᠤ ᠬᠦᠴᠦᠷᠭᠡᠭᠯᠡᠯ ᠢ ᠬᠤᠷᠢᠬᠯᠠᠵᠦ ᠬᠡᠤᠬᠡᠳ ᠢᠶᠠᠨ ᠡᠷᠡᠭᠦᠯ ᠰᠠᠷᠠᠭᠤᠯ ᠦᠰᠭᠡᠨ ᠪᠤᠶᠢᠵᠢᠭᠤᠯᠤᠶ᠎ᠠ
ᠨᠡᠶᠢᠲᠡᠯᠡᠭᠰᠡᠨ ᠴᠠᠭ᠄
2024/4/19
                             ● ᠯᠢᠶᠠᠨ ᠪᠤᠤ ᠤᠯᠠᠨ ᠵᠢᠯ ᠤᠨ ᠳᠤᠷᠰᠢ᠂ ᠰᠤᠷᠭᠠᠭᠤᠯᠢ ᠶᠢᠨ ᠬᠦᠷᠢᠶᠠᠨ ᠤ ᠬᠦᠴᠦᠷᠭᠡᠭᠯᠡᠯ ᠨᠡᠶᠢᠭᠡᠮ ᠨᠡᠶᠢᠲᠠ ᠶᠢᠨ ᠨᠢᠭᠡᠨ ᠨᠢᠭᠤᠬᠳᠠᠮᠡᠯ ᠡᠪᠡᠳᠴᠢᠨ ᠪᠤᠯᠤᠬᠰᠠᠭᠠᠷ ᠢᠷᠡᠵᠠᠢ᠃ ᠬᠡᠬᠦ ᠳᠡᠭᠡᠨ ᠬᠦᠴᠦᠷᠭᠡᠭᠯᠡᠯ ᠤᠨ ᠬᠡᠷᠡᠭ ᠲᠠᠳᠠᠬᠴᠢᠳ ᠢ ᠰᠤᠷᠭᠠᠨ ᠬᠦᠮᠦᠵᠢᠬᠦᠯᠬᠦ ᠪᠠ ᠵᠠᠯᠬᠠᠭᠠᠨ ᠴᠡᠭᠡᠭᠡᠷᠯᠡᠬᠦᠯᠬᠦ ᠪᠦᠲᠦᠮᠵᠢᠲᠠᠢ ᠠᠷᠭ᠎ᠠ ᠬᠡᠮᠵᠢᠶ᠎ᠡ ᠳᠤᠳᠠᠬᠳᠠᠬᠰᠠᠨ ᠠᠴᠠ ᠤᠳᠤ ᠰᠤᠷᠭᠠᠭᠤᠯᠢ ᠶᠢᠨ ᠬᠦᠷᠢᠶᠠᠨ ᠳᠤ ᠬᠦᠴᠦᠷᠭᠡᠭᠯᠡᠯ ᠤᠨ ᠦᠵᠡᠭᠳᠡᠯ ᠢᠯᠡᠷᠡᠵᠦ᠂ ᠨᠡᠶᠢᠭᠡᠮ ᠨᠡᠶᠢᠲᠠ ᠶᠢᠨ ᠠᠩᠬᠠᠷᠦᠯ ᠢ ᠳᠠᠳᠠᠵᠦ ᠪᠠᠶᠢᠨ᠎ᠠ᠃ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠤ ᠠᠵᠢᠯ ᠢ ᠰᠠᠶᠢᠳᠦᠷ ᠬᠢᠬᠦ ᠨᠢ ᠬᠡᠤᠬᠡᠳ ᠪᠠᠭᠠᠴᠤᠳ ᠢ ᠪᠡᠶ᠎ᠡ ᠰᠡᠳᠬᠢᠴᠡ ᠶᠢᠨ ᠲᠠᠯ᠎ᠠ ᠪᠠᠷ ᠡᠷᠡᠭᠦᠯ ᠰᠠᠷᠠᠭᠤᠯ ᠦᠰᠭᠡᠨ ᠪᠤᠶᠢᠵᠢᠭᠤᠯᠵᠦ᠂ ᠨᠢᠭᠡ ᠯᠡ ᠰᠡᠳᠬᠢᠯ ᠢᠶᠠᠷ ᠰᠤᠷᠤᠯᠭ᠎ᠠ ᠠᠮᠢᠳᠦᠷᠠᠯ ᠳᠤᠨᠢ ᠴᠢᠷᠮᠠᠶᠢᠯᠭᠠᠬᠤ ᠶᠢᠨ ᠤᠷᠢᠳᠠᠯ ᠨᠦᠬᠦᠴᠡᠯ ᠪᠤᠯᠦᠨ᠎ᠠ᠃ ᠡᠶᠢᠮᠤ ᠠᠴᠠ ᠡᠯ᠎ᠠ ᠭᠠᠵᠠᠷ ᠡᠯ᠎ᠠ ᠰᠤᠷᠭᠠᠭᠤᠯᠢ ᠨᠤᠭᠤᠳ ᠶᠠᠭᠤᠨ ᠤ ᠡᠮᠤᠨ᠎ᠠ ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠤ ᠬᠦᠮᠦᠵᠢᠯ ᠢ ᠦᠨᠡᠨ ᠬᠦ ᠴᠢᠩᠭᠠᠳᠬᠠᠵᠦ᠂ ᠳᠤᠮᠳᠠᠲᠦ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠬᠠᠤᠯᠢᠵᠢᠯ ᠤᠨ ᠤᠬᠠᠮᠰᠠᠷ᠂ ᠠᠮᠤᠷ ᠲᠦᠪᠰᠢᠨ ᠤ ᠤᠬᠠᠮᠰᠠᠷ ᠵᠢᠴᠢ ᠦᠪᠡᠷ ᠢ ᠪᠠᠨ ᠬᠠᠮᠠᠭᠠᠯᠠᠬᠤ ᠴᠢᠳᠠᠪᠦᠷᠢ ᠶᠢ ᠳᠡᠭᠡᠭᠰᠢᠯᠡᠬᠦᠯᠬᠦ ᠬᠡᠷᠡᠭᠳᠠᠢ᠃ᠤᠶᠢᠷ᠎ᠠ ᠶᠢᠨ ᠵᠢᠯ ᠤᠳ ᠲᠤ᠂ ᠰᠤᠷᠤᠬᠴᠢᠳ ᠬᠡᠷᠡᠭᠦᠯ ᠵᠤᠳᠤᠭᠠᠨ ᠬᠢᠵᠦ ᠪᠠᠶᠢᠬᠤ ᠶᠢ ᠰᠦᠯᠵᠢᠶ᠎ᠡ ᠵᠠᠭᠤᠴᠢᠯᠠᠭᠤᠷ ᠲᠡᠭᠡᠷ᠎ᠠ ᠪᠠᠭ᠎ᠠ ᠪᠤᠰᠤ ᠤᠯᠵᠦ ᠬᠠᠷᠠᠬᠤ ᠪᠤᠯᠤᠬᠰᠠᠨ ᠪᠦᠭᠡᠳ ᠵᠠᠷᠢᠮ ᠬᠤᠤᠷᠯᠠᠬᠳᠠᠬᠰᠠᠳ ᠨᠢ ᠪᠠᠭ᠎ᠠ ᠨᠠᠰᠦᠨ ᠤ ᠬᠡᠤᠬᠡᠳ ᠪᠤᠯᠦᠨ᠎ᠠ᠃ ᠤᠳᠤ ᠮᠠᠨ ᠤ ᠳᠤᠮᠳᠠᠲᠦ ᠪᠠᠭ᠎ᠠ ᠰᠤᠷᠭᠠᠭᠤᠯᠢ ᠶᠢᠨ ᠰᠤᠷᠤᠬᠴᠢ ᠠᠮᠤᠷ ᠲᠦᠪᠰᠢᠨ ᠤ ᠲᠤᠬᠠᠢ ᠤᠶᠢᠯᠠᠭᠠᠯᠲᠠ ᠲᠤᠳᠠᠮᠠᠭ᠂ ᠦᠪᠡᠷ ᠢ ᠪᠠᠨ ᠬᠠᠮᠠᠭᠠᠯᠠᠬᠤ ᠤᠬᠠᠮᠰᠠᠷ ᠲᠤᠤᠷ᠎ᠠ ᠪᠠᠶᠢᠨ᠎ᠠ᠃ ᠵᠢᠱᠢᠶᠡᠯᠡᠭᠡᠳ ᠬᠡᠯᠡᠪᠡᠯ᠂ ᠤᠶᠢᠷ᠎ᠠ ᠶᠢᠨ ᠡᠳᠦᠷ ᠤᠨ ᠡᠭᠦᠰᠦᠭᠰᠡᠨ ᠾᠧᠪᠸᠢ ᠮᠤᠵᠢ ᠶᠢᠨ ᠬᠠᠨ ᠳ᠋ᠠᠨ ᠬᠤᠲᠠ ᠶᠢᠨ ᠨᠢᠭᠡᠨ ᠳᠤᠮᠳᠠᠲᠦ ᠰᠤᠷᠭᠠᠭᠤᠯᠢ ᠶᠢᠨ ᠭᠤᠷᠪᠠᠨ ᠰᠤᠷᠤᠬᠴᠢ ᠬᠠᠮᠲᠦ ᠰᠤᠷᠤᠯᠭᠠᠳᠠᠨ ᠢᠶᠠᠨ ᠲᠤᠷᠤᠮᠵᠢᠯᠠᠵᠦ ᠠᠯᠠᠬᠰᠠᠨ ᠬᠠᠷᠠᠰᠠᠯᠲᠦ ᠬᠡᠷᠡᠭ ᠨᠡᠶᠢᠭᠡᠮ ᠨᠡᠶᠢᠲᠠ ᠶᠢᠨ ᠠᠩᠬᠠᠷᠦᠯ ᠢ ᠳᠠᠳᠠᠵᠦ᠂ ᠰᠤᠷᠭᠠᠭᠤᠯᠢ ᠶᠢᠨ ᠬᠦᠷᠢᠶᠠᠨ ᠤ ᠬᠦᠴᠦᠷᠭᠡᠭᠯᠡᠯ ᠢ ᠬᠡᠷᠬᠢᠨ ᠰᠡᠷᠭᠡᠶᠢᠯᠡᠵᠦ᠂ ᠬᠠᠤᠯᠢ ᠲᠦᠷᠢᠮ ᠲᠤᠬᠳᠠᠭᠠᠯ ᠢ ᠵᠦᠷᠢᠴᠡᠭᠰᠡᠳ ᠲᠤ ᠶᠠᠮᠠᠷ ᠶᠠᠮᠠᠷ ᠰᠢᠳᠭᠡᠯ ᠦᠭᠬᠦ ᠲᠤᠬᠠᠢ ᠶᠡᠷᠢᠶ᠎ᠡ ᠬᠡᠯᠡᠯᠴᠡᠭᠡᠨ ᠪᠤᠯᠵᠦ ᠪᠠᠶᠢᠯ᠎ᠠ᠃ ᠡᠭᠦᠨ ᠳᠤ ᠳᠡᠭᠡᠲᠦ ᠱᠠᠲᠦᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠴᠢᠩᠭ᠎ᠠ ᠲᠦᠷᠢᠮ ᠲᠤᠬᠳᠠᠭᠠᠯ ᠭᠠᠷᠭᠠᠵᠦ᠂ ᠰᠤᠷᠭᠠᠭᠤᠯᠢ ᠶᠢᠨ ᠬᠦᠷᠢᠶᠠᠨ ᠤ ᠬᠦᠴᠦᠷᠭᠡᠭᠯᠡᠯ ᠢ ᠡᠷᠡᠰ ᠬᠤᠷᠢᠬᠯᠠᠬᠤ ᠬᠡᠷᠡᠭᠳᠠᠢ᠃ ᠡᠭᠦᠨ ᠤ ᠬᠠᠮᠳᠤ ᠰᠤᠷᠤᠬᠴᠢᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠤ ᠬᠦᠮᠦᠵᠢᠯ ᠢ ᠴᠢᠩᠭᠠᠳᠬᠠᠨ᠂ ᠰᠤᠷᠤᠬᠴᠢᠳ ᠢᠶᠠᠨ ᠡᠷᠡᠭᠦᠯ ᠰᠠᠷᠠᠭᠤᠯ ᠠᠮᠤᠷ ᠲᠦᠪᠰᠢᠨ ᠢᠶᠠᠷ ᠦᠰᠭᠡᠨ ᠪᠤᠶᠢᠵᠢᠭᠤᠯᠬᠤ ᠬᠡᠷᠡᠭᠳᠠᠢ᠃ ᠢᠡᠭᠬᠢᠪᠡᠯ ᠰᠠᠶ᠋ᠢ ᠰᠤᠷᠭᠠᠭᠤᠯᠢ ᠶᠢᠨ ᠬᠦᠷᠢᠶᠠᠨ ᠤ ᠬᠦᠴᠦᠷᠭᠡᠭᠯᠡᠯ ᠢ ᠨᠡᠩ ᠵᠦᠢ ᠵᠤᠬᠢᠰᠲᠠᠢ ᠬᠤᠷᠢᠬᠯᠠᠵᠦ ᠴᠢᠳᠠᠨ᠎ᠠ᠃ ᠡᠨᠡᠬᠦ ᠶᠠᠪᠤᠳᠠᠯ ᠢ ᠰᠠᠶᠢᠳᠦᠷ ᠬᠢᠶ᠎ᠠ ᠬᠡᠪᠡᠯ ᠲᠤᠤᠷᠠᠬᠢ ᠬᠡᠲᠦᠨ ᠲᠠᠯ᠎ᠠ ᠶᠢ ᠠᠩᠬᠠᠷᠬᠤ ᠴᠢᠬᠤᠯᠠ ᠲᠠᠢ᠃ᠨᠢᠭᠡ᠂ ᠭᠡᠷ ᠤᠨ ᠠᠬᠠᠮᠠᠳ ᠬᠡᠤᠬᠡᠳ ᠢᠶᠠᠨ ᠰᠠᠶᠢᠳᠤᠷ ᠰᠤᠷᠭᠠᠵᠦ ᠬᠦᠮᠦᠵᠢᠭᠦᠯᠬᠦ ᠬᠡᠷᠡᠭᠳᠠᠢᠡᠴᠢᠭᠡ ᠡᠬᠡ ᠪᠣᠯᠤᠭᠰᠠᠳ ᠦᠷ᠎ᠡ ᠬᠡᠦᠬᠡᠳ ᠢᠶᠠᠨ ᠬᠠᠯᠠᠮᠵᠢᠯᠠᠨ ᠬᠠᠶᠢᠷᠠᠯᠠᠬᠤ ᠪᠤᠯᠪᠠᠴᠤ ᠬᠡᠳᠦᠷᠡᠭᠦᠯᠵᠦ ᠪᠣᠯᠬᠤ ᠦᠭᠡᠢ ᠃ ᠬᠡᠭᠦ ᠳᠡᠭᠡᠨ ᠭᠡᠷ ᠪᠦᠯᠢ ᠶᠢᠨ ᠰᠤᠷᠭᠠᠨ ᠬᠥᠮᠦᠵᠢᠯ ᠤᠨ ᠲᠤᠬᠠᠢ ᠲᠠᠶᠢᠯᠤᠮᠵᠢ ᠶᠢ ᠢᠯᠡᠭᠦᠤ ᠦᠵᠡᠵᠦ ᠰᠤᠨᠤᠰᠤᠨ᠂ ᠭᠡᠷ ᠤᠨ ᠠᠬᠠᠮᠠᠳ ᠬᠤᠭᠤᠷᠤᠨᠳᠤ ᠪᠠᠨ ᠰᠠᠨᠠᠯ ᠢᠶᠠᠨ ᠰᠤᠯᠢᠯᠴᠠᠵᠦ᠂ ᠴᠢᠬᠤᠯᠠ ᠲᠠᠢ ᠦᠶ᠎ᠡ ᠳᠤ ᠬᠡᠦᠬᠡᠳ ᠬᠦ᠋ᠮᠦᠵᠢᠭᠦᠯᠬᠦ ᠲᠤᠬᠠᠢ ᠲᠤᠰᠬᠠᠶ ᠮᠡᠷᠭᠡᠵᠢᠯᠲᠡᠨ ᠠᠴᠠ ᠢᠯᠡᠭᠦᠬᠡᠨ ᠠᠰᠠᠭᠤᠨ ᠯᠠᠪᠯᠠᠵᠤ᠂ ᠦᠷ᠎ᠡ ᠬᠡᠦᠬᠡᠳ ᠢᠶᠠᠨ ᠰᠤᠷᠭᠠᠨ ᠬᠥᠮᠦᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠬᠡᠷ ᠤᠨ ᠠᠬᠠᠮᠠᠳ ᠪᠠᠰᠠ ᠪᠡᠶ᠎ᠡ ᠪᠠᠷ ᠢᠶᠠᠨ ᠬᠡᠪ ᠲᠦᠷᠢᠮ ᠦᠵᠡᠭᠦᠯᠵᠦ᠂ ᠦᠵᠡᠯ ᠰᠠᠨᠠᠭ᠎ᠠ ᠶᠣᠰᠣ ᠮᠣᠷᠠᠯ ᠤᠨ ᠲᠠᠯ᠎ᠠ ᠪᠠᠷ ᠳᠠᠭᠤᠷᠢᠶᠠᠯ ᠪᠣᠯᠬᠤ ᠬᠡᠷᠡᠭᠲᠡᠶ᠃ ᠤᠴᠢᠷ ᠨᠢ ᠪᠡᠶ᠎ᠡ ᠪᠠᠷ ᠢᠶᠠᠨ ᠳᠠᠭᠤᠷᠢᠶᠠᠯ ᠪᠣᠯᠬᠤ ᠨᠢ ᠬᠡᠯᠡᠵᠦ ᠰᠤᠷᠭᠠᠬᠤ ᠠᠴᠠ ᠨᠡᠩ ᠴᠢᠬᠤᠯᠠ ᠪᠠᠶᠢᠳᠠᠭ ᠬᠤᠶᠠᠷ᠂ ᠨᠡᠶᠢᠭᠡᠮ ᠨᠡᠶᠢᠳᠡ ᠪᠠᠷ ᠢᠶᠠᠨ ᠬᠠᠮᠵᠢᠯᠴᠠᠬᠤ ᠬᠡᠷᠡᠭᠳᠠᠢᠮᠠᠨ ᠤ ᠵᠠᠷᠢᠮ ᠰᠤᠷᠭᠠᠭᠤᠯᠢ ᠳᠤ ᠠᠮᠤᠷ ᠲᠦᠪᠰᠢᠨ ᠤ ᠳᠠᠯᠳᠠ ᠬᠡᠮ ᠤᠷᠤᠰᠢᠵᠦ ᠪᠤᠢ᠃ ᠡᠶᠢᠮᠦ ᠠᠴᠠ ᠨᠡᠶᠢᠭᠡᠮ ᠤᠨ ᠡᠯ᠎ᠠ ᠡᠳᠡᠭᠡᠳ ᠤᠨ ᠬᠢᠨ ᠰᠠᠶᠢᠨ ᠰᠠᠶᠢᠬᠠᠨ ᠬᠠᠮᠵᠢᠯᠴᠠᠭ᠎ᠠ ᠶᠢ ᠪᠠᠶᠢᠭᠤᠯᠵᠦ᠂ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠠ ᠶᠢ ᠪᠠᠶᠢᠭᠤᠯᠬᠤ ᠳᠤ ᠪᠠᠲᠤᠯᠠᠭ᠎ᠠ ᠬᠠᠨᠭ᠍ᠭᠠᠬᠤ ᠬᠡᠷᠡᠭᠲᠠᠢ᠃ ᠡᠯ᠎ᠡ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠭᠤᠤᠯ ᠰᠡᠳᠦᠪᠲᠦ ᠲᠠᠶᠢᠯᠤᠮᠵᠢ ᠬᠢᠬᠦ ᠬᠡᠯᠪᠡᠷᠢ ᠪᠠᠷ ᠪᠠᠭᠰᠢ ᠰᠤᠷᠤᠭᠴᠢᠳ ᠲᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠬᠦᠷᠳᠡᠭᠡᠬᠦ ᠬᠡᠷᠡᠭᠲᠡᠶ᠃ ᠪᠠᠰᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠲᠣᠭᠲᠠᠮᠠᠯ ᠬᠤᠭᠤᠴᠠᠭ᠎ᠠ ᠲᠠᠢ ᠵᠢᠭᠰᠠᠭᠠᠨ ᠪᠠᠶᠢᠴᠠᠭᠠᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠦᠨᠡᠨ ᠬᠦ ᠡᠳᠦᠷ ᠲᠤᠲᠤᠮ ᠤᠨ ᠵᠥᠪᠯᠡᠬᠦ ᠵᠦᠢᠯ ᠪᠤᠯᠭᠠᠨ᠎ᠠ᠃ ᠨᠡᠶᠢᠭᠡᠮ ᠨᠡᠶᠢᠲᠡ ᠶᠢᠨ ᠠᠰᠠᠷᠠᠮᠵᠢ ᠶᠢᠨ ᠪᠦᠯᠬᠦᠮ ᠪᠤᠶᠤ ᠪᠤᠰᠤᠳ ᠨᠡᠶᠢᠭᠡᠮ ᠲᠣᠭᠤᠷᠢᠭ ᠤᠨ ᠪᠦᠯᠬᠦᠮ ᠭᠡᠷ ᠲᠡᠭᠡᠨ ᠬᠤᠴᠤᠷᠤᠬᠰᠠᠨ ᠬᠡᠦᠬᠡᠳ ᠢ ᠬᠠᠪᠰᠤᠷᠴᠤ ᠵᠥᠪ ᠠᠮᠢᠳᠤᠷᠠᠬᠤᠶ ᠶᠢᠨ ᠦᠵᠡᠯᠲᠡ ᠲᠠᠢ ᠪᠣᠯᠭᠠᠬᠤ ᠬᠡᠷᠡᠭᠲᠡᠶ᠃ᠭᠤᠷᠪᠠ᠂ ᠰᠤᠷᠭᠠᠭᠤᠯᠢ ᠰᠤᠷᠤᠭᠴᠢᠳ ᠲᠤ ᠰᠠᠶᠢᠨ ᠰᠠᠶᠢᠬᠠᠨ ᠰᠤᠷᠤᠯᠴᠠᠬᠤ ᠤᠷᠴᠢᠨ ᠬᠠᠩᠭᠠᠬᠤ ᠬᠡᠷᠡᠭᠳᠠᠢᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠰᠦᠨ ᠪᠤᠶᠢᠵᠢᠬᠤ ᠳᠤ ᠡᠷᠡᠭᠦᠯ ᠰᠠᠷᠠᠭᠤᠯ ᠠᠭᠤᠷ ᠠᠮᠢᠰᠬᠤᠯ ᠢ ᠪᠤᠢ ᠪᠣᠯᠭᠠᠵᠤ᠂ ᠪᠠᠶᠠᠯᠢᠭ ᠰᠠᠶᠢᠬᠠᠨ᠂ ᠡᠷᠡᠭᠦᠯ ᠥᠭᠡᠳᠡᠷᠬᠡᠭ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠠᠶᠢᠨ ᠰᠠᠶᠢᠬᠠᠨ ᠰᠤᠷᠲᠠᠯ ᠢ ᠪᠤᠢ ᠪᠣᠯᠭᠠᠵᠦ ᠰᠤᠷᠤᠭᠴᠢᠳ ᠢ ᠳᠠᠪᠲᠠᠨ ᠪᠣᠯᠪᠠᠰᠤᠷᠠᠭᠤᠯᠦᠨ᠎ᠠ᠃ ᠪᠠᠰᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠤ ᠪᠡᠯᠡᠳᠭᠡᠯ ᠲᠥᠰᠦᠯ ᠢ ᠲᠣᠭᠲᠠᠭᠠᠨ ᠨᠠᠶᠢᠳᠠᠪᠤᠷᠢᠵᠢᠭᠤᠯᠵᠦ᠂ ᠱᠠᠩᠨᠠᠵᠤ ᠲᠣᠷᠭᠠᠬᠤ ᠲᠦᠷᠢᠮ ᠢ ᠬᠡᠷᠡᠭᠵᠢᠭᠦᠯᠬᠦ ᠬᠡᠷᠡᠭᠲᠡᠢ ᠃ ᠰᠤᠷᠤᠭᠴᠢᠳ ᠨᠠᠶᠢᠵᠠᠯᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠬᠠᠪᠰᠤᠷᠤᠨ ᠰᠤᠷᠭᠠᠬᠤ ᠠᠵᠢᠯᠯᠠᠭ᠎ᠠ ᠥᠷᠨᠢᠭᠦᠯᠵᠦ᠂ ᠬᠡᠷ ᠪᠦᠯᠢ ᠶᠢᠨ ᠰᠤᠷᠪᠤᠯᠵᠢᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠬᠢᠵᠦ᠂ ᠵᠠᠯᠠᠭᠤᠴᠤᠳ ᠪᠠᠭᠠᠴᠤᠳ ᠤᠨ ᠶᠣᠰᠣ ᠰᠤᠷᠲᠠᠬᠤᠨ ᠤ ᠬᠥᠮᠦᠵᠢᠯ ᠢ ᠴᠢᠩᠭᠠᠳᠬᠠᠵᠦ᠂ ᠰᠤᠷᠭᠠᠭᠤᠯᠢ ᠪᠠᠷ ᠤᠳᠤᠷᠢᠳᠤᠮᠵᠢ ᠪᠣᠯᠭᠠᠭᠰᠠᠨ᠂ ᠬᠡᠷ ᠪᠦᠯᠢ ᠰᠤᠷᠭᠠᠭᠤᠯᠢ ᠬᠠᠮᠵᠢᠯᠴᠠᠬᠰᠠᠨ᠂ ᠨᠡᠶᠢᠭᠡᠮ ᠨᠡᠶᠢᠳᠡ ᠪᠠᠷ ᠢᠶᠠᠨ ᠤᠷᠤᠯᠴᠠᠬᠰᠠᠨ ᠰᠤᠷᠭᠠᠵᠦ ᠬᠦᠮᠦᠵᠢᠭᠦᠯᠬᠦ ᠰᠢᠰᠲ᠋ᠧᠮ ᠢ ᠪᠦᠷᠢᠯᠳᠦᠭᠦᠯᠬᠦ ᠬᠡᠷᠡᠭᠳᠠᠢ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号