ᠭᠡᠷ ᠵᠠᠭᠤᠷ᠎ᠠ ᠶᠢᠨ ᠭᠠᠯ ᠤᠨ ᠠᠮᠤᠷ ᠳᠦᠪᠰᠢᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2024/4/22
     ᠬᠠᠪᠤᠷ ᠤᠨ ᠤᠯᠠᠷᠢᠯ ᠳᠤ ᠡᠳ᠋ ᠪᠤᠳᠠᠰ ᠬᠠᠭᠤᠷᠠᠶᠢᠰᠢᠭᠠᠳ᠂ ᠡᠯ᠎ᠡ ᠵᠦᠢᠯ ᠤᠨ ᠭᠠᠯ ᠤᠨ ᠠᠶᠤᠯ ᠲᠦᠭᠰᠢᠭᠦᠷᠢ ᠶᠢ ᠨᠡᠮᠡᠭᠳᠡᠭᠦᠯᠳᠡᠭ᠃ ᠡᠭᠦᠨ ᠳᠤ ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠳᠤ ᠬᠠᠰᠢ ᠶᠠᠰᠢ ᠬᠠᠨᠳᠦᠵᠦ ᠤᠮᠳᠤᠭᠠᠶᠢᠯᠠᠵᠤ ᠪᠤᠯᠤᠰᠢ ᠦᠭᠡᠢ᠃ ᠠᠮᠢᠳᠤᠷᠠᠯ ᠲᠤᠮᠳᠠᠬᠢ ᠵᠠᠷᠢᠮ ᠨᠠᠷᠢᠨ ᠰᠢᠷᠢᠨ ᠵᠦᠢᠯᠡᠰ ᠢ ᠠᠩᠬᠠᠷᠤᠯ ᠳᠠᠭᠠᠨ ᠠᠪᠬᠤ ᠦᠭᠡᠢ ᠠᠴᠠ ᠪᠤᠯᠵᠤ᠂ ᠠᠮᠠᠷᠬᠠᠨ ᠭᠡᠷ ᠵᠠᠭᠤᠷ᠎ᠠ ᠶᠢᠨ ᠠᠮᠤᠷ ᠲᠦᠪᠰᠢᠨ ᠤ ᠭᠡᠮ ᠰᠣᠭᠤᠭ ᠢ ᠡᠭᠦᠰᠭᠡᠳᠡᠭ᠃      ᠭᠠᠯ ᠤᠨ ᠠᠶᠤᠯ ᠢ ᠰᠡᠷᠭᠡᠶᠢᠯᠡᠬᠦ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠃ ᠡᠳᠦᠷ ᠲᠤᠳᠤᠮ ᠤᠨ ᠲᠤᠷᠰᠢ ᠭᠠᠯ ᠤᠨ ᠠᠶᠤᠯ ᠢ ᠰᠡᠷᠭᠡᠶᠢᠯᠡᠬᠦ ᠳᠤ ᠬᠦᠡᠭᠭᠡᠨ ᠬᠠᠭᠤᠳᠠᠮ ᠢᠶᠠᠷ ᠬᠠᠨᠳᠤᠵᠤ ᠪᠤᠯᠬᠤ ᠦᠭᠡᠢ᠂ ᠲᠤᠤᠷᠠᠬᠢ ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠵᠠᠪᠠᠯ ᠲᠠᠰᠤ ᠴᠡᠭᠡᠵᠢᠯᠡᠬᠦ ᠬᠡᠷᠡᠭᠲᠡᠢ᠃      ᠲᠤᠯᠠᠭᠠᠯᠠᠭ᠎ᠠ᠂ ᠬᠢᠰᠠ ᠶᠢᠨ ᠬᠠᠵᠠᠭᠤ ᠳᠤ ᠠᠮᠠᠷᠬᠠᠨ ᠨᠤᠴᠤᠬᠤ ᠪᠤᠳᠠᠰ ᠲᠠᠯᠪᠢᠬᠤ ᠦᠭᠡᠢ ᠪᠦᠭᠡᠳ ᠬᠤᠪᠴᠠᠰᠦ ᠬᠤᠨᠠᠷ ᠢᠶᠠᠨ ᠲᠡᠭᠡᠷ᠎ᠡ ᠨᠢ ᠲᠠᠯᠪᠢᠬᠤ ᠦᠭᠡᠢ︔ ᠴᠠᠬᠢᠯᠭᠠᠨ ᠲᠡᠪᠢᠰᠭᠡᠷ ᠢ ᠬᠡᠳᠦ ᠤᠳᠠᠭᠠᠨ ᠴᠡᠨᠡᠭᠯᠡᠵᠤ ᠪᠤᠯᠬᠤ ᠦᠭᠡᠢ︔ ᠬᠡᠢ ᠶᠢᠨ ᠵᠤᠤᠬ᠎ᠠ ᠪᠠᠨ ᠬᠡᠷᠡᠭᠯᠡᠵᠤ ᠲᠠᠭᠤᠰᠪᠠᠯ ᠬᠠᠭᠠᠯᠭ᠎ᠠ ᠶᠢ ᠨᠢ ᠮᠤᠰᠭᠢᠬᠤ︔ ᠱᠠᠹᠠ ᠪᠤᠶᠤ ᠤᠷᠤ ᠲᠡᠭᠡᠷ᠎ᠡ ᠪᠠᠨ ᠬᠡᠪᠲᠡᠵᠦ ᠲᠠᠮᠠᠬᠢ ᠲᠠᠲᠠᠬᠤ ᠦᠭᠡᠢ︔ ᠲᠤᠷ᠎ᠠ ᠪᠠᠷ ᠢᠶᠠᠨ ᠤᠳᠠᠰᠦ ᠲᠠᠲᠠᠵᠤ ᠴᠠᠬᠢᠯᠭᠠᠨ ᠬᠦᠳᠡᠯᠭᠡᠭᠦᠷᠲᠦ ᠲᠤᠭᠤᠢ ᠲᠡᠷᠭᠡ ᠪᠠᠨ ᠴᠡᠨᠡᠭᠯᠡᠵᠦ᠂ ᠠᠰᠠᠷ ᠤᠨ ᠭᠤᠳᠤᠮᠵᠢ᠂ ᠠᠶᠤᠯᠭᠦᠢ ᠶᠢᠨ ᠭᠠᠷᠴᠠ ᠶᠢ ᠪᠦᠭᠯᠡᠵᠦ ᠪᠤᠯᠬᠤ ᠦᠭᠡᠢ︔ ᠴᠠᠬᠢᠯᠭᠠᠨ ᠬᠤᠷᠢᠶᠠᠭᠤᠷ ᠢᠶᠠᠨ ᠲᠤᠬᠲᠠᠭᠰᠠᠨ ᠬᠤᠭᠤᠴᠠᠭ᠎ᠠ ᠲᠠᠢ ᠪᠠᠶᠢᠴᠠᠭᠠᠬᠤ ᠬᠡᠷᠡᠭᠳᠡᠢ︔ ᠭᠡᠷ ᠲᠡᠭᠡᠨ ᠪᠦᠷᠢᠮᠦᠰᠦᠨ ᠪᠢᠲᠡᠭᠦᠮᠵᠢᠯᠡᠭᠰᠡᠨ ᠬᠤᠯᠠᠭᠠᠢ ᠠᠴᠠ ᠰᠡᠷᠭᠡᠶᠢᠯᠡᠬᠦ ᠴᠤᠩᠬᠤ ᠤᠭᠰᠠᠷᠠᠬᠤ ᠦᠬᠡᠢ ᠪᠤᠯ ᠰᠠᠶᠢᠨ ᠂ ᠠᠶᠤᠯ ᠳᠤ ᠲᠤᠯᠭᠠᠷᠠᠭᠰᠠᠨ ᠦᠶᠡᠰ ᠰᠠᠭᠠᠳ ᠪᠤᠯᠬᠤ ᠲᠤᠬᠢᠶᠠᠯᠳᠦᠯ ᠲᠠᠢ᠃ ᠬᠡᠥᠬᠡᠳ ᠨᠠᠰᠤᠲᠠᠶᠢᠴᠦᠤᠯ ᠪᠦᠷᠢ ᠳᠤ ᠬᠡᠷ ᠪᠦᠯᠢ ᠶᠢᠨ ᠭᠠᠯ ᠤᠨ ᠠᠮᠤᠷ ᠲᠦᠪᠰᠢᠨ ᠤ ᠰᠠᠨᠠᠭᠤᠯᠤᠮᠵᠢ ᠶᠢ ᠢᠯᠡᠭᠦᠬᠡᠨ ᠬᠡᠯᠡᠵᠤ ᠰᠤᠨᠤᠰᠬᠠᠵᠤ᠂ ᠪᠠᠳᠤᠳᠬᠠᠵᠦ ᠠᠪᠬᠤ ᠶᠢ ᠬᠢᠴᠢᠶᠡᠬᠦ ᠬᠡᠷᠡᠭᠳᠡᠢ᠃    
 
ᠢᠷᠡᠯᠲᠡ᠄ ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号