ᠡᠪᠡᠰᠦᠨ ᠡᠮ ᠤᠨ ᠮᠠᠲ᠋ᠧᠷᠢᠶᠠᠯ ᠡᠯᠪᠡᠭ ᠬᠤᠷᠢᠶᠠᠯᠲᠠ ᠣᠯᠵᠠᠢ
ᠨᠡᠶᠢᠲᠡᠯᠡᠭᠰᠡᠨ ᠴᠠᠭ᠄
2024/4/23
       ᠣᠳᠣᠬᠠᠨ ᠳᠤ ᠶᠠᠭ ᠬᠢᠳᠡᠳ ᠡᠮ ᠤᠨ ᠮᠠᠲ᠋ᠧᠷᠢᠶᠠᠯ ᠪᠤᠯᠬᠤ ᠴᠢᠨ᠋ᠸ᠎ᠠ ᠶᠢᠨ ᠬᠠᠯᠲᠠᠷ ᠢ ᠲᠡᠭᠦᠬᠦ ᠤᠯᠠᠷᠢᠯ ᠪᠣᠯᠵᠠᠢ᠂ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤᠨ ᠤ ᠣᠳᠠᠳᠠᠢ ᠭᠠᠴᠠᠭ᠎ᠠ ᠶᠢᠨ ᠬᠢᠲᠠᠳ ᠡᠪᠡᠰᠦᠨ ᠡᠮ ᠤᠨ ᠰᠠᠭᠤᠷᠢᠨ ᠭᠠᠵᠠᠷ ᠤᠨ ᠡᠪᠡᠰᠦᠨ ᠡᠮ ᠲᠡᠭᠦᠬᠦ ᠲᠤᠬᠠᠢ ᠶᠢᠨ ᠲᠠᠯᠠᠪᠠᠢ ᠳᠤ ᠡᠮ ᠤᠨ ᠦᠨᠦᠷ ᠬᠠᠩᠬᠤᠯᠵᠤ ᠪᠠᠶᠢᠯ᠎ᠠ᠃ ᠡᠮ ᠤᠨ ᠮᠠᠲ᠋ᠧᠷᠢᠶᠠᠯ ᠲᠡᠭᠦᠵᠦ ᠬᠤᠷᠢᠶᠠᠬᠤ ᠮᠠᠰᠢᠨ ᠤ ᠠᠵᠢᠯᠯᠠᠬᠤ ᠶᠢ ᠳᠠᠭᠠᠯᠳᠤᠨ ᠠᠵᠢᠯᠴᠢᠳ ᠡᠪᠡᠰᠦᠨ ᠡᠮ ᠲᠡᠭᠦᠵᠦ ᠶᠠᠭᠠᠷᠠᠯᠳᠤᠨ᠎ᠠ᠃ ᠳᠡᠭᠦᠭᠰᠡᠨ ᠡᠪᠡᠰᠦᠨ ᠡᠮ ᠤᠨ ᠮᠠᠲ᠋ᠧᠷᠢᠶᠠᠯ ᠢᠶᠠᠨ ᠬᠤᠷᠢᠶᠠᠨ ᠠᠪᠴᠤ᠂ ᠰᠣᠩᠭᠤᠬᠤ᠂ ᠨᠡᠷᠡᠨ ᠳᠤ ᠡᠭᠡᠭᠡᠬᠦ᠂ ᠪᠤᠭᠤᠳᠠᠯᠯᠠᠬᠤ ᠵᠡᠷᠭᠡ ᠶᠠᠪᠤᠴᠠ ᠶᠢ ᠦᠩᠭᠡᠷᠡᠭᠡᠪᠡᠯ ᠵᠠᠬ᠎ᠠ ᠳᠡᠯᠭᠡᠭᠦᠷ ᠲᠤ ᠭᠠᠷᠭᠠᠵᠤ ᠪᠤᠷᠤᠯᠠᠭᠤᠯᠤᠨ᠎ᠠ᠃ ᠦᠨᠦ ᠵᠢᠯ ᠤᠨ ᠪᠠᠶᠢᠳᠠᠯ ᠠᠴᠠ ᠦᠵᠡᠪᠡᠯ ᠪᠠᠳᠠᠷᠠᠬᠤ ᠪᠠᠯᠭᠠᠰᠤᠨ ᠳᠤ ᠲᠠᠷᠢᠭᠰᠠᠨ ᠬᠢᠳᠡᠳ ᠡᠪᠡᠰᠦᠨ ᠡᠮ ᠤᠨ ᠮᠠᠲ᠋ᠧᠷᠢᠶᠠᠯ ᠡᠯᠪᠡᠭ ᠬᠤᠷᠢᠶᠠᠯᠳᠠ ᠤᠯᠬᠤ ᠨᠢ ᠯᠠᠪᠳᠠᠢ᠃
                                       ᠰᠠᠷᠠᠨ᠎ᠠ ᠠᠷᠢᠭᠤᠨ᠎ᠠ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号