ᠪᠠᠶᠠᠬᠤᠯᠠᠭᠠᠨ ᠰᠤᠮᠤ  ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯᠯᠠᠭ᠎ᠠ ᠶᠢ ᠦᠷᠨᠢᠭᠦᠯᠵᠡᠢ
ᠨᠡᠶᠢᠲᠡᠯᠡᠭᠰᠡᠨ ᠴᠠᠭ᠄
2024/4/24
     ᠬᠠᠪᠤᠷ ᠤᠨ ᠠᠭᠤᠷ ᠠᠮᠢᠰᠬᠤᠯ ᠭᠠᠩ ᠬᠠᠭᠤᠷᠠᠢ᠂  ᠰᠠᠯᠬᠢ ᠶᠡᠭᠡ᠂ ᠭᠠᠯ ᠤᠨ ᠠᠶᠤᠯ ᠠᠮᠠᠷᠬᠠᠨ ᠭᠠᠷᠳᠠᠭ᠃ ᠵᠠᠯᠠᠶᠢᠳ ᠬᠤᠰᠢᠭᠤᠨ ᠤ ᠪᠠᠶᠠᠬᠤᠯᠠᠭᠠᠨ ᠰᠤᠮᠤ ᠤᠬᠠᠭᠤᠯᠬᠤ ᠪᠠ ᠲᠣᠭᠤᠷᠢᠨ ᠬᠠᠮᠠᠭᠠᠯᠠᠬᠤ ᠠᠵᠢᠯᠯᠠᠭ᠎ᠠ ᠶᠢ ᠵᠡᠷᠭᠡᠪᠡᠷ ᠶᠠᠪᠤᠭᠳᠠᠭᠤᠯᠬᠤ ᠶᠢ ᠪᠠᠷᠢᠮᠲᠠᠯᠠᠵᠤ᠂ ᠭᠠᠯ ᠤᠨ ᠠᠶᠤᠯ ᠢ ᠰᠡᠷᠭᠡᠶᠢᠯᠡᠵᠦ᠂ ᠭᠠᠯ ᠲᠦᠢᠮᠡᠷ ᠢ ᠰᠡᠷᠭᠡᠶᠢᠯᠡᠬᠦ ᠮᠡᠳᠡᠯᠭᠡ ᠶᠢ ᠬᠥᠮᠥᠨ ᠪᠦᠬᠦᠨ ᠳᠤ ᠮᠡᠳᠡᠭᠦᠯᠵᠦ᠂ ᠵᠢᠷᠦᠬᠡᠨ ᠳᠤ ᠨᠢ ᠬᠠᠳᠠᠩᠰᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯᠯᠠᠭ᠎ᠠ ᠶᠢ ᠦᠷᠨᠢᠭᠦᠯᠵᠡᠢ᠃      ᠪᠠᠶᠠᠬᠤᠯᠠᠭᠠᠨ ᠰᠤᠮᠤ ᠶᠢᠨ ᠣᠶ ᠬᠠᠮᠠᠭᠠᠯᠠᠭᠴᠢᠳ ᠥᠷᠯᠥᠭᠡ ᠪᠦᠷᠢ ᠡᠷᠲᠡ ᠠᠵᠢᠯ ᠲᠤ ᠪᠠᠨ ᠭᠠᠷᠳᠠᠭ᠃ ᠠᠭᠤᠯᠠ ᠲᠠᠯ᠎ᠠ ᠂  ᠭᠠᠴᠠᠭ᠎ᠠ ᠲᠣᠰᠬᠤᠨ ᠢᠶᠠᠷ ᠲᠣᠭᠤᠷᠢᠨ ᠪᠠᠶᠢᠴᠠᠭᠠᠵᠦ᠂ ᠲᠣᠭᠤᠷᠢᠨ ᠬᠠᠮᠠᠭᠠᠯᠠᠬᠤ ᠤᠳᠠᠭ᠎ᠠ ᠪᠠᠨ ᠨᠡᠮᠡᠭᠳᠡᠭᠦᠯᠬᠦ ᠶᠢᠨ ᠬᠠᠮᠲᠤ ᠣᠯᠠᠨ ᠲᠦᠮᠡᠨ ᠳᠤ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠣᠯᠠᠨ ᠲᠦᠮᠡᠨ ᠤ ᠭᠠᠯ ᠲᠦᠢᠮᠡᠷ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠣᠶ ᠰᠢᠭᠤᠢ ᠨᠤᠲᠤᠭ ᠪᠡᠯᠴᠢᠭᠡᠷ ᠲᠤ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠵᠦ ᠪᠤᠯᠠᠬᠤ ᠦᠭᠡᠢ ᠮᠦᠷᠲᠡᠭᠡᠨ ᠣᠶ ᠰᠢᠭᠤᠢ ᠨᠤᠲᠤᠭ ᠪᠡᠯᠴᠢᠭᠡᠷ ᠲᠤ ᠭᠠᠯ ᠤᠨ ᠠᠶᠤᠯ ᠭᠠᠷᠬᠤ ᠶᠢ ᠬᠠᠮᠲᠦ ᠪᠠᠷ ᠰᠡᠷᠭᠡᠶᠢᠯᠡᠵᠦ ᠪᠠᠶᠢᠨ᠎ᠠ᠃ ᠭᠠᠯ ᠰᠡᠷᠭᠡᠶᠢᠯᠡᠬᠦ ᠤᠬᠠᠭᠤᠯᠭ᠎ᠠ ᠶᠢᠨ ᠲᠡᠷᠭᠡ ᠠᠩᠭᠢ ᠴᠤ ᠤᠬᠠᠭᠤᠯᠭ᠎ᠠ ᠶᠢᠨ ᠠᠵᠢᠯᠯᠠᠭ᠎ᠠ ᠳᠤ ᠤᠷᠤᠯᠴᠠᠨ᠂ ᠮᠠᠰᠢᠨ ᠲᠡᠷᠭᠡᠨ ᠤ ᠷᠠᠳᠢᠣ᠋  ᠪᠠᠷ ᠭᠤᠣᠯ ᠭᠤᠤᠯ ᠵᠡᠭᠡᠯᠢ ᠭᠤᠳᠤᠮᠵᠢ ᠳᠤ ᠭᠠᠯ ᠰᠡᠷᠭᠡᠶᠢᠯᠡᠬᠦ ᠤᠬᠠᠭᠤᠯᠭ᠎ᠠ ᠬᠢᠪᠡ᠃     ︽ᠤᠬᠠᠭᠤᠯᠭ᠎ᠠ ᠬᠢᠬᠦ ᠪᠠᠷ ᠳᠠᠮᠵᠢᠭᠠᠳ ᠪᠢᠳᠡ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠶᠢᠨ ᠴᠢᠬᠤᠯᠠ ᠴᠢᠨᠠᠷ ᠪᠠ ᠠᠮᠤᠷ ᠲᠦᠪᠰᠢᠨ ᠤ ᠤᠬᠠᠮᠰᠠᠷ ᠢᠶᠠᠨ ᠴᠤ ᠳᠡᠭᠡᠭᠰᠢᠯᠡᠭᠦᠯᠬᠦ ᠬᠡᠷᠡᠭᠲᠡᠢ ᠭᠡᠰᠡᠨ ᠢ ᠮᠡᠳᠡᠭᠰᠡᠨ︾  ᠭᠡᠵᠦ ᠪᠠᠶᠠᠬᠤᠯᠠᠭᠠᠨ ᠰᠤᠮᠤ  ᠶᠢᠨ  ᠬᠤᠸᠠ ᠰᠢᠩ ᠲᠦᠨ  ᠲᠣᠰᠬᠤᠨ ᠤ ᠠᠷᠠᠳ ᠰᠢᠦᠢ ᠳ᠋ᠠᠢ ᠽᠢ ᠬᠡᠯᠡᠪᠡ᠃      ᠪᠠᠶᠠᠬᠤᠯᠠᠭᠠᠨ ᠰᠤᠮᠤ ᠶᠢᠨ ᠤᠢ ᠰᠢᠭᠤᠢ ᠨᠤᠲᠤᠭ ᠪᠡᠯᠴᠢᠭᠡᠷ ᠤᠨ ᠪᠦᠷᠬᠦᠴᠡ ᠰᠠᠶᠢᠲᠠᠢ᠂  ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠵᠢᠭᠤᠯᠴᠢᠯᠠᠯ ᠠᠴᠠ ᠪᠣᠯᠤᠭᠰᠠᠨ ᠲᠠᠮᠠᠬᠢ ᠤᠤᠭᠤᠬᠤ᠂ ᠬᠡᠭᠡᠷ᠎ᠡ ᠬᠤᠭᠤᠯᠠᠯᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ  ᠶᠠᠪᠤᠳᠠᠯ ᠨᠡᠮᠡᠭᠳᠡᠵᠦ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠳᠤ ᠮᠠᠰᠢ ᠤᠯᠠᠨ  ᠶᠠᠷᠰᠢᠭ ᠲᠦᠪᠡᠭ ᠢ ᠠᠪᠴᠢᠷᠠᠭᠰᠠᠨ ᠪᠠᠶᠢᠨ᠎ᠠ᠃ 3 ᠰᠠᠷ᠎ᠠ ᠶᠢᠨ 1 ᠤ ᠡᠳᠦᠷ ᠠᠴᠠ ᠨᠠᠰᠢ᠂ ᠪᠠᠶᠠᠬᠤᠯᠠᠭᠠᠨ ᠰᠤᠮᠤ ᠤᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠡᠭᠦᠷᠭᠡᠯᠡᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ  ᠢ ᠰᠡᠷᠭᠡᠶᠢᠯᠡᠬᠦ ᠤᠬᠠᠭᠤᠯᠭ᠎ᠠ ᠶᠢ ᠦᠷᠭᠦᠯᠵᠢᠯᠡᠨ ᠦᠷᠨᠢᠭᠦᠯᠦᠭᠡᠳ᠂ ᠤᠢ ᠰᠢᠭᠤᠢ ᠨᠤᠲᠤᠭ ᠪᠡᠯᠴᠢᠭᠡᠷ ᠤᠨ ᠭᠠᠯ  ᠲᠦᠢᠮᠡᠷ ᠢ ᠰᠡᠷᠭᠡᠶᠢᠯᠡᠬᠦ ᠠᠭᠤᠷ ᠠᠮᠢᠰᠬᠤᠯ ᠪᠣᠯᠣᠨ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠢᠳᠡᠪᠬᠢ ᠪᠠᠶᠢᠳᠠᠯ ᠢ ᠪᠤᠢ ᠪᠣᠯᠭᠠᠪᠠ᠃      ︽ᠲᠠᠷᠠᠭᠠᠴᠢ ᠶᠢᠨ ᠠᠯᠬᠤᠮ ᠳᠤ ᠪᠢᠳᠡ ᠣᠶ ᠰᠢᠭᠤᠢ ᠬᠠᠮᠠᠭᠠᠯᠠᠭᠴᠢ ᠳᠤ ᠠᠵᠢᠯ ᠤᠨ ᠪᠠᠶᠢᠷᠢ ᠶᠢᠨ  ᠪᠤᠯᠪᠠᠰᠤᠷᠠᠯ ᠪᠠ ᠠᠵᠢᠯ ᠤᠨ ᠴᠢᠯᠦᠭᠡᠨ ᠤ ᠪᠤᠯᠪᠠᠰᠤᠷᠠᠯ ᠢ ᠢᠯᠡᠭᠦᠬᠡᠨ ᠵᠣᠬᠢᠶᠠᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠳᠠᠲᠠᠢ ᠠᠵᠢᠯ ᠤᠨ ᠳᠤᠮᠳᠠ ᠪᠠᠨ ᠠᠭᠤᠯᠠ ᠶᠢ ᠬᠠᠮᠢᠶᠠᠷᠬᠤ ᠬᠥᠮᠥᠨ ᠲᠠᠢ᠂ ᠮᠣᠳᠣ ᠶᠢ ᠬᠠᠮᠠᠭᠠᠯᠠᠬᠤ ᠬᠥᠮᠥᠨ ᠲᠠᠢ ᠪᠣᠯᠭᠠᠵᠤ᠂  ᠪᠠᠶᠠᠬᠤᠯᠠᠭᠠᠨ ᠰᠤᠮᠤ ᠶᠢᠨ ᠬᠥᠬᠡᠮᠳᠦᠭ ᠨᠣᠭᠤᠭᠠᠨ ᠠᠭᠤᠯᠠ ᠤᠰᠤ ᠶᠢ ᠨᠠᠩ ᠰᠠᠶᠢᠲᠤᠷ ᠬᠠᠮᠠᠭᠠᠯᠠᠨ᠎ᠠ︾ ᠭᠡᠵᠦ ᠪᠠᠶᠠᠬᠤᠯᠠᠭᠠᠨ ᠰᠤᠮᠤ ᠶᠢᠨ ᠤᠢ ᠰᠢᠭᠤᠢ ᠶᠢᠨ ᠠᠵᠢᠯ ᠤᠨ ᠦᠷᠳᠡᠭᠡ ᠶᠢᠨ ᠬᠠᠷᠢᠭᠤᠴᠠᠯᠭᠠᠲᠠᠨ ᠴᠧᠨ ᠴᠦᠨ ᠯᠢᠨ ᠬᠡᠯᠡᠪᠡ᠃
 
ᠢᠷᠡᠯᠲᠡ᠄ ᠵᠠᠯᠠᠶᠢᠳ ᠬᠤᠰᠢᠭᠤᠨ ᠤ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号