ᠢᠨᠳᠡᠷ ᠪᠠᠯᠭᠠᠰᠤᠨ ᠤ ᠬᠤᠶᠠᠷ ᠰᠠᠯᠠᠭ᠎ᠠ ᠮᠦᠴᠢᠷ ᠬᠠᠮᠲᠤᠷᠠᠨ ᠣᠶ ᠮᠤᠳᠦ ᠠᠮᠤ ᠪᠤᠳᠠᠭ᠎ᠠ ᠶᠢ ᠠᠯᠠᠭᠯᠠᠨ ᠳᠠᠷᠢᠬᠤ ᠶᠢ ᠵᠤᠭᠰᠤᠭᠠᠬᠤ  ᠠᠵᠢᠯᠯᠠᠭ᠎ᠠ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/24
       ᠣᠶᠢᠲᠤ ᠭᠠᠵᠠᠷ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠣᠶᠢᠲᠤ ᠭᠠᠵᠠᠷ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠥᠯᠥᠭᠡ᠂ ᠣᠶᠢᠷ᠎ᠠ ᠳᠤ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ  ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠶᠠᠳᠤᠭᠠᠷ ᠳᠤᠮᠳᠠ ᠠᠩᠭᠢ ᠪᠤᠯᠤᠨ ᠣᠶ ᠰᠢᠭᠤᠢ  ᠨᠤᠲᠤᠭ ᠪᠡᠯᠴᠢᠭᠡᠷ ᠤᠨ ᠠᠯᠪᠠᠨ ᠭᠡᠷ ᠲᠠᠢ ᠬᠠᠮᠲᠤᠷᠠᠨ ᠲᠡᠮᠡᠭᠡᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠢᠨᠳᠡᠷ ᠪᠠᠯᠭᠠᠰᠤᠨ ᠳᠠᠬᠢ ᠬᠠᠷᠢᠶ᠎ᠠ ᠲᠣᠭᠤᠷᠢᠭ ᠢᠶᠠᠷ ᠬᠦᠷᠴᠦ ᠣᠶ ᠮᠤᠳᠤ ᠠᠮᠤ ᠪᠤᠳᠠᠭ᠎ᠠ ᠶᠢ ᠠᠯᠠᠭᠯᠠᠨ ᠳᠠᠷᠢᠬᠤ ᠶᠢ ᠵᠤᠭᠰᠤᠭᠠᠬᠤ ᠠᠵᠢᠯᠯᠠᠭ᠎ᠠ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃       ᠬᠠᠤᠯᠢ ᠬᠡᠷᠡᠭᠵᠢᠭᠦᠯᠬᠦ ᠠᠵᠢᠯᠲᠠᠨ ᠲᠣᠰ ᠬᠠᠷᠢᠶ᠎ᠠ ᠣᠷᠣᠨ ᠤ ᠬᠠᠤᠯᠢ ᠲᠣᠭᠲᠠᠭᠠᠯ ᠠᠴᠠ ᠵᠥᠷᠢᠴᠡᠨ ᠬᠠᠤᠯᠢ ᠪᠤᠰᠤ ᠪᠠᠷ ᠣᠶ  ᠮᠤᠳᠤ ᠠᠮᠤ ᠪᠤᠳᠠᠭ᠎ᠠ ᠶᠢ ᠠᠯᠠᠭᠯᠠᠨ ᠳᠠᠷᠢᠬᠤ ᠦᠶᠯᠡ ᠠᠵᠢᠯᠯᠠᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠠᠷᠢᠶᠠᠴᠢᠨ ᠡᠷᠦᠬᠡ ᠳᠤ ᠪᠡᠯᠴᠢᠭᠡᠷᠯᠡᠭᠦᠯᠬᠦ ᠶᠢ ᠵᠤᠭᠰᠤᠭᠠᠬᠤ᠂ ᠠᠲᠠᠷ ᠬᠠᠭᠠᠯᠪᠤᠷᠢᠯᠠᠬᠤ ᠶᠢ ᠵᠤᠭᠰᠤᠭᠠᠬᠤ᠂ ᠣᠶ ᠮᠤᠳᠦ ᠠᠮᠤ ᠪᠤᠳᠠᠭ᠎ᠠ ᠶᠢ ᠠᠯᠠᠭᠯᠠᠨ ᠳᠠᠷᠢᠬᠤ ᠶᠢ ᠵᠤᠭᠰᠤᠭᠠᠬᠤ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠣᠬᠠᠭᠤᠯᠵᠠᠢ᠃ ᠲᠣᠭᠲᠠᠭᠠᠯ ᠠᠴᠠ ᠵᠥᠷᠢᠴᠡᠨ ᠣᠶ  ᠮᠤᠳᠦ ᠠᠮᠤ ᠪᠤᠳᠠᠭ᠎ᠠ ᠶᠢ ᠠᠯᠠᠭᠯᠠᠨ ᠳᠠᠷᠢᠵᠤ ᠪᠠᠶᠢᠭ᠎ᠠ ᠲᠠᠷᠢᠶᠠᠴᠢᠨ ᠡᠷᠦᠬᠡ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠡᠳᠡᠨ ᠲᠠᠢ ᠬᠦᠯᠢᠴᠡᠩᠭᠦᠢ ᠪᠠᠷ  ᠬᠠᠷᠢᠯᠴᠠᠵᠦ᠂ ᠲᠠᠷᠢᠶᠠᠴᠢᠨ ᠡᠷᠦᠬᠡ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠠᠮᠢ ᠠᠬᠤᠢ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠢ ᠲᠠᠶᠢᠯᠪᠤᠷᠢᠯᠠᠨ ᠥᠭᠴᠦ᠂ ᠲᠣᠭᠲᠠᠭᠠᠯ ᠠᠴᠠ ᠵᠥᠷᠢᠴᠡᠨ ᠣᠶ ᠮᠤᠳᠦ ᠠᠮᠤ ᠪᠤᠳᠠᠭ᠎ᠠ ᠶᠢ ᠠᠯᠠᠭᠯᠠᠨ ᠳᠠᠷᠢᠵᠤ ᠪᠠᠶᠢᠭ᠎ᠠ ᠲᠠᠷᠢᠶᠠᠴᠢᠨ ᠡᠷᠦᠬᠡ ᠶᠢ ᠱᠠᠯᠠᠪᠳᠠᠭᠤᠯᠣᠨ ᠠᠯᠢ ᠲᠦᠷᠭᠡᠨ ᠢᠶᠠᠷ ᠴᠡᠭᠴᠡᠯᠡᠨ  ᠰᠠᠶᠢᠵᠢᠷᠠᠭᠤᠯᠵᠠᠢ᠃        ᠳᠠᠷᠠᠭᠠᠴᠢ ᠶᠢᠨ ᠠᠯᠬᠤᠮ ᠳᠤ᠂ ᠢᠨᠳᠡᠷ ᠪᠠᠯᠭᠠᠰᠤ ᠶᠢᠨ ᠬᠠᠤᠯᠢ ᠬᠡᠷᠡᠭᠵᠢᠭᠦᠯᠬᠦ ᠠᠵᠢᠯᠲᠠᠳ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠲᠣᠭᠤᠷᠢᠨ ᠬᠠᠮᠠᠭᠠᠯᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠴᠢᠩᠭᠠᠳᠬᠠᠵᠤ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠦᠴᠦᠨ ᠢᠶᠠᠨ ᠪᠠᠳᠠᠷᠠᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠴᠢᠩᠭ᠎ᠠ ᠰᠢᠢᠳᠪᠦᠷᠢᠯᠡᠵᠦ᠂ ᠤᠢ ᠮᠤᠳᠦ ᠠᠮᠤ ᠪᠤᠳᠠᠭ᠎ᠠ ᠠᠯᠠᠭᠯᠠᠨ ᠲᠠᠷᠢᠬᠤ ᠶᠢ ᠵᠤᠭᠰᠤᠭᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠲᠠᠯ᠎ᠠ ᠪᠠᠷ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号