ᠵᠠᠰᠠᠭ ᠤᠨ ᠣᠷᠳᠣᠨ ᠤ ᠴᠢᠬᠤᠯᠠ ᠶᠠᠪᠤᠳᠠᠯ ᠤᠨ ᠲᠡᠮᠳᠡᠭᠯᠡᠯ ︵2023 ᠤᠨ ᠤ 12 ᠰᠠᠷ᠎ᠠ ᠶᠢᠨ 1 ᠤ ᠡᠳᠦᠷ — 31 ᠤ ᠡᠳᠦᠷ︶ ︵ᠨᠢᠭᠡ︶
ᠨᠡᠶᠢᠲᠡᠯᠡᠭᠰᠡᠨ ᠴᠠᠭ᠄
2024/4/24
 ᠨᠢᠭᠡ᠂ ᠴᠢᠬᠤᠯᠠ ᠬᠤᠷᠠᠯ    1 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠬᠤᠰᠢᠭᠤᠨ ᠤ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠶᠢ ᠡᠷᠭᠢᠯᠡᠪᠡ᠃    4 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠪᠦᠭᠦ ᠬᠤᠰᠢᠭᠤᠨ ᠤ ᠰᠣᠶᠣᠯ ᠵᠢᠭᠤᠯᠴᠢᠯᠠᠯ ᠤᠨ ᠭᠦᠨ ᠠᠭᠤᠰᠤᠯᠴᠠᠯ ᠢ ᠠᠬᠢᠭᠤᠯᠵᠤ᠂ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠲᠣᠬᠢᠷᠠᠭᠤᠯᠤᠯᠳᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃    5 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠬᠤᠰᠢᠭᠤᠨ ᠳᠠᠷᠤᠭ᠎ᠠ ᠨᠠᠷ ᠤᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠵᠤ᠂ ᠴᠣᠣᠯ ᠭᠤᠣ ᠤᠨ ᠤᠰᠤ ᠶᠢ ᠯᠢᠶᠤᠤ ᠾᠧ ᠭᠤᠤᠯ ᠳᠤ ᠳᠠᠳᠠᠵᠤ ᠤᠷᠤᠭᠤᠯᠬᠤ ᠢᠨᠵᠧᠨᠧᠷᠢᠩ ᠤᠨ ᠨᠡᠭᠦᠳᠡᠯ ᠠᠷᠠᠳ ᠢ ᠲᠥᠪᠬᠢᠨᠡᠭᠦᠯᠬᠦ ᠴᠠᠬᠢᠯᠭᠠᠨ ᠬᠦᠴᠦᠨ ᠤ ᠢᠨᠵᠧᠨᠧᠷᠢᠩ ᠵᠢᠴᠢ ᠲᠧᠩ ᠹᠸᠢ ᠵᠡᠭᠡᠯᠢ ᠶᠢᠨ ᠪᠠᠷᠠᠭᠤᠨ ᠬᠡᠰᠡᠭ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠲᠦᠷᠦᠯ ᠵᠦᠢᠯ ᠢ ᠰᠢᠯᠵᠢᠭᠦᠯᠦᠨ ᠲᠤᠰᠢᠶᠠᠬᠤ ᠶᠠᠪᠤᠳᠠᠯ ᠢ ᠰᠤᠳᠤᠯᠪᠠ᠃ ᠵᠦᠩ ᠭᠤᠸᠠᠩ ᠾᠧ ᠶᠢᠨ ᠵᠠᠯᠠᠶᠢᠳ ᠬᠤᠰᠢᠭᠤᠨ ᠤ 30MW ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠳᠤ ᠭᠠᠵᠠᠷ ᠲᠠᠲᠠᠪᠤᠷᠢᠯᠠᠬᠤ ᠵᠢᠴᠢ ᠠᠵᠢᠯ ᠡᠬᠢᠯᠡᠭᠦᠯᠬᠦ ᠬᠤᠷᠠᠯ ᠢ ᠡᠷᠭᠢᠯᠡᠪᠡ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠪᠥᠬᠦ ᠬᠤᠰᠢᠭᠤᠨ ᠤ  ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠤᠨ ᠦᠨᠳᠦᠰᠦᠨ ᠪᠠᠶᠢᠳᠠᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    7 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠬᠤᠷᠠᠯ ᠡᠷᠭᠢᠯᠡᠵᠦ᠂ ᠣᠷᠣᠨ ᠤ ᠭᠠᠳᠠᠨᠠᠬᠢ ᠺᠣᠮᠫᠠᠨᠢ ᠶᠢᠨ ᠬᠠᠮᠢᠶ᠎ᠠ ᠪᠦᠬᠦᠢ ᠠᠵᠢᠯ ᠢ ᠰᠤᠳᠤᠯᠪᠠ᠃ ᠴᠢᠴᠢᠬᠠᠷ ᠠᠴᠠ ᠷᠠᠰᠢᠶᠠᠨ ᠬᠥᠷᠬᠦ ᠵᠢᠭᠤᠯᠴᠢᠯᠠᠯ ᠤᠨ ᠵᠠᠰᠠᠮᠠᠯ ᠵᠠᠮ ᠳᠠᠬᠢ ᠵᠢᠩ ᠰᠢᠩ ᠠᠴᠠ ᠷᠠᠰᠢᠶᠠᠨ ᠵᠠᠯᠠᠶᠢᠳ ᠤᠨ ᠠᠭᠤᠯᠵᠠᠷ ᠬᠥᠷᠬᠦ ᠬᠡᠰᠡᠭ ᠤᠨ ᠵᠠᠰᠠᠮᠠᠯ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠤᠨ ᠭᠠᠵᠠᠷ ᠰᠢᠷᠤᠢ ᠲᠠᠲᠠᠪᠤᠷᠢᠯᠠᠬᠤ ᠶᠠᠪᠤᠳᠠᠯ ᠢ ᠰᠤᠳᠤᠯᠪᠠ᠃    8 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠬᠤᠰᠢᠭᠤᠨ ᠳᠠᠷᠤᠭ᠎ᠠ ᠨᠠᠷ ᠤᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠵᠤ᠂ ᠵᠦᠩ ᠭᠤᠸᠠᠩ ᠾᠧ ᠶᠢᠨ ᠭᠠᠵᠠᠷ ᠰᠢᠷᠣᠶ ᠲᠠᠲᠠᠪᠤᠷᠢᠯᠠᠬᠤ ᠲᠥᠯᠥᠪᠦᠷᠢ ᠶᠢᠨ ᠬᠤᠯᠪᠣᠭᠳᠠᠯ ᠪᠦᠭᠦᠢ ᠶᠠᠪᠤᠳᠠᠯ ᠢ ᠰᠤᠳᠤᠯᠪᠠ᠃ ᠨᠡᠶᠢᠭᠡᠮ ᠤᠨ ᠵᠠᠰᠠᠯᠲᠠ ᠶᠢᠨ ᠲᠥᠪ ᠤᠨ 2 ᠳ᠋ᠤᠭᠠᠷ ᠳᠠᠪᠬᠤᠷᠯᠢᠭ ᠲᠤ ᠬᠤᠷᠠᠯ ᠡᠷᠭᠢᠯᠡᠵᠦ᠂ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠰᠤᠷᠪᠤᠯᠵᠢᠯᠠᠯ ᠬᠦᠯᠢᠶᠡᠬᠦ ᠶᠠᠪᠤᠳᠠᠯ ᠢ ᠰᠤᠳᠤᠯᠪᠠ᠃    ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠵᠠᠯᠠᠶᠢᠳ ᠬᠤᠰᠢᠭᠤᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠤᠨ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃    9 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠲᠢᠶᠧ ᠯᠢᠩ ᠤᠨ ᠲᠧᠩ ᠳ᠋ᠠ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠢ ᠵᠣᠯᠭᠠᠭᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃    11 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠬᠠᠷᠠᠮᠥ᠋ᠷᠡᠨ ᠮᠤᠵᠢ ᠶᠢᠨ ᠯᠦᠩᠵᠢᠶᠠᠩ ᠰᠢᠶᠠᠨ ᠤ ᠬᠢᠯᠢ ᠶᠢᠨ ᠵᠠᠭᠠᠭ ᠤᠨ ᠬᠤᠯᠪᠣᠭᠳᠠᠯ ᠪᠦᠭᠦᠢ ᠤᠴᠢᠷ ᠶᠠᠪᠤᠳᠠᠯ ᠢ ᠲᠣᠬᠢᠷᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠰᠤᠳᠤᠯᠵᠠᠶ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠭᠥᠸᠧ ᠺᠧ ᠲᠣᠭᠠᠴᠢᠯᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠢ ᠵᠣᠯᠭᠠᠭᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    12 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠵᠠᠯᠠᠶᠢᠳ ᠬᠤᠰᠢᠭᠤᠨ ᠤ ᠨᠢᠭᠦᠯᠡᠰᠦᠩᠭᠦᠶ ᠶᠢᠨ ᠦᠢᠯᠡᠰ ᠤᠨ ᠬᠠᠨᠳᠢᠪᠯᠠᠬᠤ ᠠᠵᠢᠯ ᠢ ᠲᠣᠬᠢᠷᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃    14 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ ᠪᠦᠬᠦ ᠬᠤᠰᠢᠭᠤᠨ ᠤ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠤᠷᠤᠭᠳᠠᠯ  ᠲᠠᠢ ᠨᠢ ᠬᠤᠯᠪᠤᠭᠳᠠᠭᠤᠯᠬᠤ ᠳᠦᠷᠦᠯ ᠵᠦᠢᠯ ᠤᠨ ᠳᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    15 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠵᠠᠯᠠᠶᠢᠳ ᠬᠤᠰᠢᠭᠤᠨ ᠤ ᠣᠷᠣᠨ ᠤ ᠭᠠᠳᠠᠨᠠᠬᠢ ᠠᠵᠤ ᠠᠬᠤᠶᠢᠯᠠᠯ ᠤᠨ ᠬᠠᠮᠢᠶ᠎ᠠ ᠪᠦᠬᠦᠢ ᠠᠵᠢᠯ ᠢ ᠠᠬᠢᠭᠤᠯᠬᠤ ᠬᠤᠷᠠᠯ ᠢ ᠡᠷᠭᠢᠯᠡᠪᠡ᠃ ᠢᠨᠳᠡᠷ ᠶᠡᠭᠡ ᠬᠥᠭᠦᠷᠭᠡ ᠶᠢᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠠᠩᠬ᠎ᠠ ᠠᠯᠬᠤᠮ ᠤᠨ ᠬᠢᠨᠠᠨ ᠪᠠᠶᠢᠴᠠᠭᠠᠬᠤ ᠬᠤᠷᠠᠯ ᠢ ᠡᠷᠭᠢᠯᠡᠪᠡ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠨ ᠪᠤᠳᠤᠬᠤ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠬᠤ ᠶᠠᠪᠤᠳᠠᠯ ᠢ ᠰᠤᠳᠤᠯᠪᠠ᠃ ᠪᠥᠬᠦ ᠬᠤᠰᠢᠭᠤᠨ ᠤ 2024 ᠣᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ᠂ ᠠᠶᠢᠮᠠᠭ ᠤᠨ ᠲᠠᠰ ᠤᠨ ᠴᠢᠬᠤᠯᠠ ᠶᠡᠭᠡ ᠲᠥᠷᠥᠯ ᠵᠦᠢᠯ ᠤᠨ ᠡᠯᠰᠡᠬᠦ ᠴᠤᠭᠯᠠᠭᠠᠨ ᠢ ᠡᠷᠭᠢᠯᠡᠪᠡ᠃    16 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠬᠤᠷᠠᠯ ᠡᠷᠭᠢᠯᠡᠵᠦ᠂ ᠭᠤᠸᠠᠩ ᠰᠢᠶᠠ ᠰᠢᠨ ᠴᠧᠩ ᠪᠠᠭ᠎ᠠ ᠲᠣᠭᠤᠷᠢᠭ ᠤᠨ ᠶᠠᠪᠤᠳᠠᠯ ᠢ ᠰᠤᠳᠤᠯᠵᠠᠶ᠃    18 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠬᠤᠷᠠᠯ ᠡᠷᠭᠢᠯᠡᠵᠦ᠂ ᠭᠤᠸᠠᠩ ᠰᠢᠶᠠ ᠰᠢᠨ ᠴᠧᠩ ᠪᠠᠭ᠎ᠠ ᠲᠣᠭᠤᠷᠢᠭ ᠤᠨ ᠶᠠᠪᠤᠳᠠᠯ ᠢ ᠰᠤᠳᠤᠯᠪᠠ᠃ ᠪᠥᠬᠦ ᠬᠤᠰᠢᠭᠤᠨ ᠤ ᠠᠶᠤᠯᠭᠦᠶ ᠦᠢᠯᠡᠳᠪᠤᠷᠢᠯᠡᠯ ᠤᠨ ᠭᠡᠰᠢᠭᠦᠳ ᠤᠨ ᠬᠤᠷᠠᠯ ᠂ ᠪᠥᠬᠦ ᠬᠤᠰᠢᠭᠤᠨ ᠤ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠤᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    20 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    25 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠵᠠᠯᠠᠶᠢᠳ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠲᠦᠷᠢᠮ ᠤᠨ ᠠᠵᠢᠯ ᠤᠨ ᠬᠤᠷᠠᠯ᠂ ᠵᠠᠯᠠᠶᠢᠳ ᠬᠤᠰᠢᠭᠤᠨ ᠤ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠲᠤᠷᠰᠢᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号