ᠵᠠᠰᠠᠭ ᠤᠨ ᠣᠷᠳᠣᠨ ᠤ ᠴᠢᠬᠤᠯᠠ ᠶᠠᠪᠤᠳᠠᠯ ᠤᠨ ᠲᠡᠮᠳᠡᠭᠯᠡᠯ ︵2023 ᠤᠨ ᠤ 12 ᠰᠠᠷ᠎ᠠ ᠶᠢᠨ 1 ᠤ ᠡᠳᠦᠷ — 31 ᠤ ᠡᠳᠦᠷ︶ ︵ᠬᠤᠶᠠᠷ︶
ᠨᠡᠶᠢᠲᠡᠯᠡᠭᠰᠡᠨ ᠴᠠᠭ᠄
2024/4/24
ᠬᠤᠶᠠᠷ᠂ ᠴᠢᠬᠤᠯᠠ ᠠᠵᠢᠯᠯᠠᠭ᠎ᠠ    1 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠬᠤᠪᠢᠶᠠᠷᠢ ᠬᠤᠷᠠᠯ ᠤᠨ ᠲᠠᠯᠠᠪᠠᠶ ᠳᠤ ᠠᠶᠢᠮᠠᠭ ᠤᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠣᠯᠣᠳᠤᠭᠠᠷ ᠤᠳᠠᠭᠠᠨ ᠤ ᠬᠤᠷᠠᠯ ᠵᠢᠴᠢ ᠪᠥᠬᠦ ᠠᠶᠢᠮᠠᠭ ᠤᠨ ᠭᠤᠤᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠬᠢᠩᠭᠠᠨ ᠠᠶᠢᠮᠠᠭ ᠤᠨ ᠶᠢᠨ ᠹᠧᠩ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠷ ᠬᠦᠷᠴᠦ᠂ ᠶᠢᠨ ᠹᠧᠩ ᠤᠨ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠨᠡᠭᠡᠭᠡᠨ ᠬᠥᠭᠵᠢᠭᠦᠯᠦᠯᠲᠡ ᠵᠢᠴᠢ ᠪᠣᠬᠢᠷᠲᠤᠯ ᠦᠭᠡᠢ ᠮᠧᠲ᠋ᠢᠯ ᠠᠯᠺᠤᠤᠯ ᠤᠨ ᠦᠢᠯᠡᠳᠪᠦᠷᠢᠯᠡᠯ ᠤᠨ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠵᠣᠯᠭᠠᠭᠤᠯᠤᠨ ᠶᠠᠷᠢᠯᠴᠠᠪᠠ᠃    2 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠠᠶᠢᠮᠠᠭ ᠤᠨ ᠵᠠᠬᠢᠷᠭ᠎ᠠ ᠪᠠᠷ ᠬᠦᠷᠴᠦ ᠠᠶᠢᠮᠠᠭ ᠤᠨ ᠱᠠᠲᠤᠨ ᠤ ᠭᠤᠣᠯᠳᠠᠯᠭ᠎ᠠ ᠲᠠᠢ ᠳᠦᠷᠦᠯ ᠵᠦᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠠᠶᠢᠮᠠᠭ ᠤᠨ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠶᠢᠨ ᠵᠠᠯᠠᠶᠢᠳ ᠬᠤᠰᠢᠭᠤᠨ ᠤ ᠭᠤᠤᠯᠳᠠᠯᠭ᠎ᠠ ᠲᠠᠢ ᠠᠵᠢᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠠᠶᠢᠮᠠᠭ ᠤᠨ ᠵᠠᠬᠢᠷᠭ᠎ᠠ ᠪᠠᠷ ᠬᠦᠷᠴᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠲᠠᠩᠰᠠᠨ ᠵᠣᠭᠤᠰ ᠥᠷᠢᠲᠦᠵᠦ ᠤᠳᠠᠭᠠᠰᠢᠷᠠᠭᠤᠯᠤᠭᠰᠠᠨ ᠪᠥᠬᠦ ᠠᠶᠢᠮᠠᠭ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠠᠶ᠃    3 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠱᠠᠯᠠᠪᠳᠠᠭᠤᠯᠤᠨ ᠪᠠᠶᠢᠴᠠᠭᠠᠬᠤ ᠶᠠᠷᠢᠯᠴᠠᠬᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠠᠶᠢᠮᠠᠭ ᠤᠨ ᠵᠠᠬᠢᠷᠭ᠎ᠠ ᠪᠠᠷ ᠬᠦᠷᠴᠦ ᠠᠶᠢᠮᠠᠭ ᠤᠨ ᠱᠠᠲᠤᠨ ᠤ ᠭᠤᠤᠯᠳᠠᠯᠭ᠎ᠠ ᠲᠠᠢ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠠᠵᠢᠯ ᠤᠨ ᠬᠤᠷᠠᠯ ᠳᠤ ᠣᠷᠣᠯᠴᠠᠵᠠᠶ᠃    4 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ᠂ ᠰᠢᠤᠢ ᠵᠢᠢ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠪᠦᠬᠦ ᠣᠷᠣᠨ᠂ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤᠳᠤ ᠬᠤᠷᠠᠯ ᠳᠤ ᠣᠷᠣᠯᠴᠠᠪᠠ᠃    5 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠬᠢᠨᠠᠨ ᠰᠢᠯᠭᠠᠵᠤ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠮᠡᠳᠡᠭᠳᠡᠬᠦ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠰᠦᠨ ᠰᠢᠩ ᠢᠦᠶ ᠱᠦᠵᠢ ᠳᠤ ᠪᠠᠷ᠎ᠠ ᠪᠤᠯᠵᠤ ᠰᠢᠨᠯᠢᠨ ᠪᠠᠯᠭᠠᠰᠤᠨ ᠤ ᠰᠢᠨ ᠯᠢ ᠲᠣᠰᠬᠤᠨ᠂ ᠠᠷᠪᠡᠨᠭᠡᠷ ᠪᠠᠯᠭᠠᠰᠤᠨ ᠤ ᠵᠦᠯᠭᠡᠨ᠎ᠡ ᠭᠠᠴᠠᠭ᠎ᠠ᠂ ᠪᠠᠳᠠᠷᠠᠬᠤ ᠪᠠᠯᠭᠠᠰᠤᠨ ᠤ ᠣᠳᠠᠳᠠᠢ ᠭᠠᠴᠠᠭ᠎ᠠ᠂ ᠪᠠᠶᠠᠨᠵᠢᠯᠠᠭ᠎ᠠ ᠰᠢᠶᠠᠩ ᠤᠨ ᠹᠧᠩ ᠴᠠᠨ ᠲᠣᠰᠬᠤᠨ ᠢᠶᠠᠷ ᠬᠦᠷᠴᠦ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ ᠰᠢᠯᠭᠠᠨ ᠬᠢᠨᠠᠵᠤ ᠦᠨᠡᠯᠡᠨ ᠵᠢᠱᠢᠵᠦ ᠬᠠᠷᠢᠭᠤ ᠲᠤᠰᠬᠠᠬᠤ ᠠᠰᠠᠭᠤᠳᠠᠯ ᠢ ᠮᠡᠳᠡᠭᠡᠯᠡᠬᠦ ᠬᠤᠷᠠᠯ ᠳᠤ ᠣᠷᠣᠯᠴᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠰᠣᠶᠣᠯ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠤᠨ ᠠᠬᠢᠭᠤᠯᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ ᠬᠤᠯᠪᠣᠭ᠎ᠠ ᠪᠠᠯᠭᠠᠰᠤᠨ ᠤ ᠨᠡᠮᠡᠭᠳᠡᠯ ᠬᠤᠷᠤᠭᠳᠠᠯ ᠲᠠᠢ ᠨᠢ ᠬᠤᠯᠪᠤᠭᠳᠠᠭᠤᠯᠬᠤ ᠲᠦᠷᠦᠯ ᠵᠦᠢᠯ ᠤᠨ ᠲᠥᠪᠬᠢᠨᠡᠭᠦᠯᠬᠦ ᠲᠣᠭᠤᠷᠢᠭ ᠤᠨ ᠲᠥᠯᠥᠪᠵᠢᠭᠦᠯᠭᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃    6 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ᠂ ᠵᠦᠩ ᠭᠤᠸᠠᠩ ᠾᠧ ᠶᠢᠨ ᠵᠠᠯᠠᠶᠢᠳ ᠬᠤᠰᠢᠭᠤᠨ ᠤ 30MW ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠳᠦᠷᠦᠯ ᠵᠦᠢᠯ ᠤᠨ ᠭᠠᠵᠠᠷ ᠰᠢᠷᠤᠢ ᠲᠠᠲᠠᠪᠤᠷᠢᠯᠠᠬᠤ ᠪᠠ ᠠᠵᠢᠯ ᠡᠬᠢᠯᠡᠭᠦᠯᠬᠦ ᠶᠣᠰᠣᠯᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠬᠤᠯᠪᠤᠭ᠎ᠠ ᠪᠠᠯᠭᠠᠰᠤᠨ ᠤ ᠨᠡᠮᠡᠭᠳᠡᠯ ᠬᠤᠷᠤᠭᠳᠠᠯ ᠲᠠᠢ ᠨᠢ ᠬᠤᠯᠪᠤᠭᠳᠠᠭᠤᠯᠬᠤ ᠳᠦᠷᠦᠯ ᠵᠦᠢᠯ ᠤᠨ ᠲᠥᠪᠬᠢᠨᠡᠭᠦᠯᠬᠦ ᠲᠣᠭᠤᠷᠢᠭ ᠤᠨ ᠲᠥᠯᠥᠪᠵᠢᠭᠦᠯᠭᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠤ᠂ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠸᠠᠩ ᠬᠤᠢ ᠮᠢᠩ ᠳᠤ ᠪᠠᠷ᠎ᠠ ᠪᠤᠯᠵᠤ ᠠᠷᠪᠡᠨᠭᠡᠷ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠠᠵᠢᠯ ᠢ ᠪᠠᠶᠢᠴᠠᠭᠠᠨ ᠰᠤᠳᠤᠯᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠬᠤᠰᠢᠭᠤᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠳᠤ ᠤᠷᠤᠯᠴᠠᠪᠠ᠃    7 — 8 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ᠂ ᠮᠠᠨ ᠱᠦᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ ᠠᠷᠪᠠᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃    8 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠪᠠᠶᠠᠨᠭᠤᠤᠯ ᠪᠠᠯᠭᠠᠰᠤᠨ ᠤ ᠪᠠᠶᠠᠨᠭᠤᠤᠯ ᠲᠣᠰᠬᠤᠨ ᠢᠶᠠᠷ ᠬᠦᠷᠴᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠦᠨᠡᠯᠡᠨ ᠵᠢᠱᠢᠬᠦ ᠳᠤᠭᠤᠶᠢᠯᠠᠩ ᠤᠨ ᠬᠠᠮᠢᠶ᠎ᠠ ᠪᠦᠬᠦᠢ ᠬᠦᠮᠦᠰ ᠲᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠮᠢᠶ᠎ᠠ ᠪᠦᠬᠦᠢ ᠬᠦᠮᠦᠰ ᠲᠤ ᠪᠠᠷ᠎ᠠ ᠪᠣᠯᠵᠣ ᠪᠠᠶᠠᠨᠭᠤᠤᠯ ᠵᠡᠷᠭᠡ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠲᠠᠩᠰᠠ ᠡᠪᠬᠡᠮᠡᠯ ᠮᠠᠲ᠋ᠧᠷᠢᠶᠠᠯ ᠢ ᠪᠠᠶᠢᠴᠠᠭᠠᠨ ᠦᠵᠡᠵᠦ᠂ ᠠᠶᠢᠯ ᠡᠷᠦᠬᠡ ᠪᠠᠷ ᠬᠦᠷᠴᠦ ᠰᠤᠷᠪᠤᠯᠵᠢᠯᠠᠨ  ᠶᠠᠷᠢᠯᠴᠠᠪᠠ᠃    9 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠳᠡᠳ᠋ ᠳᠠᠷᠤᠭ᠎ᠠ ᠴᠧᠨ ᠬᠠᠶ ᠱᠠᠨ᠂ ᠮᠠᠨ ᠱᠦᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃    10 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ ᠳᠡᠮᠡᠭᠡᠴᠢ ᠪᠠᠯᠭᠠᠰᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠬᠦ ︽ᠡᠷᠬᠢᠨ ᠬᠠᠷᠠᠬᠤ︾ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃    11 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠰᠢᠤᠢ ᠵᠢᠶ ᠯᠦᠩ᠂ ᠳᠡᠳ᠋ ᠳᠠᠷᠤᠭ᠎ᠠ ᠯᠢᠦ ᠭᠦᠸᠧ ᠮᠢᠨ᠂ ᠴᠧᠨ ᠬᠠᠶ ᠱᠠᠨ᠂ ᠮᠠᠨ ᠱᠦᠶ ᠯᠦᠩ ᠬᠤᠪᠢᠶᠠᠷᠢ ᠬᠤᠷᠠᠯ ᠤᠨ ᠲᠠᠯᠠᠪᠠᠶ ᠳᠤ ᠬᠢᠩᠭᠠᠨ ᠠᠶᠢᠮᠠᠭ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠢᠴᠢᠶᠡᠯ ᠤᠨ ᠲᠠᠩᠬᠢᠮ ᠤᠨ ᠬᠤᠷᠢᠨ ᠨᠠᠢᠮᠠᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠲᠠᠶᠢᠯᠤᠮᠵᠢ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠳᠤ ᠣᠷᠣᠯᠴᠠᠪᠠ    ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠰᠢᠤᠢ ᠵᠢᠶ ᠯᠦᠩ᠂ ᠳᠡᠳ᠋ ᠳᠠᠷᠤᠭ᠎ᠠ ᠮᠠᠨ ᠱᠦᠶ ᠯᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠠᠯ᠂ ᠱᠦᠵᠢ ᠨᠠᠷ  ᠤᠨ ᠲᠤᠰᠬᠠᠶ ᠰᠡᠳᠦᠪᠲᠦ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 2023 ᠣᠨ ᠤ 37 ᠳ᠋ᠤᠭᠠᠷ ᠤᠳᠠᠭᠠᠨ  ᠤ ᠬᠤᠷᠠᠯ ᠤᠨ ᠲᠣᠬᠢᠷᠠᠭᠤᠯᠤᠯᠲᠠ ᠳᠤ ᠣᠷᠣᠯᠴᠠᠪᠠ᠃    12 ᠤᠨ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠵᠢᠴᠢ ᠬᠠᠤᠯᠢ ᠴᠠᠭᠠᠵᠠ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠤᠨ ︽ᠵᠠᠭᠤᠨ ᠡᠳᠦᠷ ᠤᠨ ᠪᠤᠭᠤᠮᠳᠠ ᠰᠢᠪᠳᠤᠯᠤᠯᠳᠠ︾ ᠶᠢᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠠᠶᠢᠮᠠᠭ ᠤᠨ ᠲᠥᠪ ᠲᠤ ᠬᠦᠷᠴᠦ ᠯᠦᠩᠵᠢᠶᠠᠩ ᠰᠢᠶᠠᠨ ᠪᠣᠯᠤᠨ ᠵᠠᠯᠠᠶᠢᠳ ᠬᠤᠰᠢᠭᠤᠨ ᠤ ᠬᠢᠯᠢ ᠶᠢᠨ ᠮᠠᠷᠭᠤᠯᠳᠤᠭᠠᠨ ᠤ ᠠᠰᠠᠭᠤᠳᠠᠯ ᠤᠨ ᠶᠠᠷᠢᠯᠴᠠᠬᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠵᠠᠩ ᠱᠤᠸᠠᠢ ᠨᠠᠷ ᠲᠤ ᠪᠠᠷ᠎ᠠ ᠪᠤᠯᠵᠤ ᠰᠢᠨ ᠮᠢᠨ ᠰᠢᠨ᠎ᠡ ᠲᠣᠰᠬᠤᠨ᠂ ᠬᠤᠯᠪᠤᠭ᠎ᠠ ᠪᠠᠯᠭᠠᠰᠤᠨ ᠤ ᠶᠦᠩ ᠰᠢᠨ ᠲᠣᠰᠬᠤᠨ ᠢᠶᠠᠷ ᠪᠠᠶᠢᠴᠠᠭᠠᠨ ᠰᠤᠳᠤᠯᠤᠯᠲᠠ ᠬᠢᠵᠡᠶ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢᠶᠠᠷ ᠪᠤᠬᠢᠷᠳᠤᠯ ᠦᠭᠡᠢ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠳᠦᠷᠣᠯ ᠵᠦᠢᠯ ᠢ ᠠᠬᠢᠭᠤᠯᠬᠤ ᠬᠤᠷᠠᠯ ᠢ ᠡᠷᠭᠢᠯᠠᠨ ᠬᠤᠷᠠᠯᠳᠤᠭᠤᠯᠪᠠ᠃   13 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ᠂ ᠵᠦᠩ ᠶᠠᠩ ᠶᠡᠭᠡ ᠵᠡᠭᠡᠯᠢ᠂ ᠸᠠᠨ ᠴᠧᠨ ᠨᠢᠭᠡᠳᠦᠭᠡᠷ ᠬᠦᠷᠢᠶᠡᠯᠡᠩ᠂ ᠸᠧᠨ ᠪᠥᠸᠧ ᠪᠠᠭ᠎ᠠ ᠲᠣᠭᠤᠷᠢᠭ ᠤᠨ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ ᠠᠭᠤᠯᠵᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ᠂ ᠵᠦᠩ ᠯᠢᠶᠠᠩ ᠠᠷᠠᠯᠵᠢᠶᠠᠨ ᠤ ᠵᠡᠭᠦᠨ ᠬᠤᠶᠢᠲᠤ ᠶᠢᠨ ᠳ᠋ᠠ ᠴᠢᠦᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠡᠯᠳᠡᠰ ᠤᠨ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ ᠳᠤ ᠤᠷᠤᠯᠴᠠᠪᠠ᠃    14 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠠᠶᠢᠮᠠᠭ ᠤᠨ ᠵᠠᠬᠢᠷᠭ᠎ᠠ ᠪᠠᠷ ᠬᠦᠷᠴᠦ ᠵᠠᠯᠠᠶᠢᠳ ᠬᠤᠰᠢᠭᠤᠨ ᠤ ᠮᠧᠩ ᠶᠢᠨ ᠪᠠᠩᠬᠢ ᠶᠢᠨ ᠲᠦᠭᠰᠢᠭᠦᠷᠢ ᠶᠢ ᠠᠷᠢᠯᠭᠠᠬᠤ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠢᠨ ᠳᠤ ᠪᠠᠷ᠎ᠠ ᠪᠣᠯᠵᠣ ᠰᠤᠷᠤᠯᠭ᠎ᠠ ᠲᠡᠳᠬᠦᠬᠦ ᠠᠵᠢᠯᠯᠠᠭ᠎ᠠ ᠥᠷᠨᠢᠭᠦᠯᠪᠡ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠪᠥᠬᠦ ᠠᠶᠢᠮᠠᠭ ᠤᠨ ᠢᠳᠡᠭᠳᠡᠮᠡᠯ ᠭᠤᠤ ᠵᠢᠯᠠᠭ᠎ᠠ ᠶᠢᠨ ᠪᠣᠷᠣᠭᠠᠨ ᠤ ᠤᠰᠤ ᠶᠢ ᠬᠤᠷᠢᠭᠯᠠᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠬᠤ ᠮᠡᠷᠭᠡᠵᠢᠯ ᠪᠣᠯᠪᠠᠰᠤᠷᠠᠯ ᠤᠨ ᠸᠢᠳᠢᠤ᠋ ᠬᠤᠷᠠᠯ ᠳᠤ ᠣᠷᠣᠯᠴᠠᠪᠠ᠃    16 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠳᠡᠳ᠋ ᠳᠠᠷᠤᠭ᠎ᠠ ᠴᠧᠨ ᠬᠠᠶ ᠱᠠᠨ᠂ ᠮᠠᠨ ᠱᠦᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠶᠢᠨ ᠳᠣᠯᠣᠳᠤᠭᠠᠷ ᠤᠳᠠᠭᠠᠨ ᠤ ᠬᠠᠮᠲᠤ ᠶᠢᠨ ᠬᠤᠷᠠᠯ ᠳᠤ ᠣᠷᠣᠯᠴᠠᠪᠠ᠃    17 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠳᠡᠳ᠋ ᠬᠤᠰᠢᠭᠤᠨ ᠳᠠᠷᠤᠭ᠎ᠠ ᠴᠧᠨ ᠬᠠᠶ ᠱᠠᠨ᠂ ᠮᠠᠨ ᠱᠦᠶ ᠯᠦᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2023 ᠣᠨ ᠤ 38 ᠳ᠋ᠤᠭᠠᠷ ᠤᠳᠠᠭᠠᠨ ᠤ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2023 ᠣᠨ ᠤ 39 ᠳ᠋ᠣᠭᠡᠷ ᠤᠳᠠᠭᠠᠨ ᠤ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃    18 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ᠂ ᠮᠠᠨ ᠱᠦᠶ ᠯᠦᠩ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 40 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠠᠶᠢᠮᠠᠭ ᠤᠨ ᠵᠠᠬᠢᠷᠭ᠎ᠠ ᠶᠢᠨ ᠨᠠᠮ ᠵᠠᠰᠠᠭ ᠤᠨ ᠲᠣᠮᠣ ᠠᠰᠠᠷ ᠤᠨ ᠬᠤᠶᠠᠳᠤᠭᠠᠷ ᠳᠠᠪᠬᠤᠷᠯᠢᠭ ᠤᠨ ᠬᠠᠮᠲᠤᠷᠠᠭᠰᠠᠨ ᠬᠤᠷᠠᠯ ᠤᠨ ᠲᠠᠰᠤᠭ ᠢᠶᠠᠷ ᠬᠦᠷᠴᠦ᠂ ᠪᠥᠬᠦ ᠠᠶᠢᠮᠠᠭ ᠤᠨ ᠢᠳᠡᠭᠳᠡᠮᠡᠯ ᠭᠤᠤ ᠵᠢᠯᠠᠭ᠎ᠠ ᠶᠢᠨ ᠪᠣᠷᠣᠭᠠᠨ ᠤ ᠤᠰᠤ ᠶᠢ ᠬᠤᠷᠢᠭᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ 10 ᠳ᠋ᠤᠭᠠᠷ ᠳᠠᠪᠬᠤᠷᠯᠢᠭ ᠤᠨ ᠪᠠᠷᠠᠭᠤᠨ ᠲᠠᠯ᠎ᠠ ᠶᠢᠨ ᠬᠤᠷᠠᠯ ᠤᠨ ᠬᠡᠷ ᠲᠤ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢᠨ ᠲᠥᠷᠥᠯ ᠵᠦᠢᠯ ᠤᠨ ᠲᠤᠬᠢᠷᠠᠭᠤᠯᠤᠯᠳᠠ ᠶᠢᠨ ᠬᠤᠷᠠᠯ ᠳᠤ ᠤᠷᠤᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠪᠦᠭᠦ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠰᠬᠠᠶ ᠵᠠᠰᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠢᠷᠠᠭᠤᠯᠤᠯᠳᠠ ᠶᠢᠨ ᠬᠤᠷᠠᠯ ᠳᠤ ᠣᠷᠣᠯᠴᠠᠪᠠ᠃    19 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ ᠬᠢᠩᠭᠠᠨ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠭᠡᠷ ᠪᠠᠶᠢᠰᠢᠩ ᠲᠠᠲᠠᠪᠤᠷᠢᠯᠠᠬᠤ ᠬᠡᠷᠡᠭ ᠢ ᠲᠢᠩᠬᠢᠮ ᠨᠡᠭᠡᠭᠡᠵᠦ ᠰᠢᠭᠦᠬᠦ ᠳᠤ ᠤᠷᠤᠯᠴᠠᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ᠂ ᠶᠢᠨ ᠬᠠᠶ ᠳᠠᠷᠤᠭ᠎ᠠ ᠶᠢᠨ ᠲᠠᠭᠠᠭᠤᠯᠤᠭᠰᠠᠨ ᠲᠦᠷᠦᠭᠦᠴᠢ ᠶᠢᠨ ᠪᠦᠯᠬᠦᠮ ᠤᠨ ᠬᠢᠨ ᠳᠤ ᠪᠠᠷ᠎ᠠ ᠪᠣᠯᠵᠣ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠮᠢ ᠠᠬᠤᠶ ᠶᠢᠨ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠵᠤ ᠰᠢᠯᠭᠠᠨ ᠠᠪᠬᠤ ᠠᠵᠢᠯ ᠢ ᠥᠷᠨᠢᠭᠦᠯᠪᠡ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠬᠤᠨᠠᠨ ᠤ ᠴᠤᠸᠠᠩ ᠳ᠋ᠠ ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠶᠧ ᠹᠦ᠋ ᠵᠢᠶᠦ᠋ᠨ᠂ ᠳ᠋ᠢᠩ ᠵᠧᠩ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠳᠠᠷᠤᠭ᠎ᠠ ᠲᠠᠩ ᠵᠢᠶᠠ ᠹᠦ᠋ ᠲᠠᠢ ᠲᠡᠮᠦᠷ ᠬᠦᠬᠦᠷ ᠤᠨ ᠰᠢᠩᠭᠡᠨ ᠤᠷᠤᠰᠬᠠᠯ ᠤᠨ ᠴᠠᠬᠢᠯᠭᠠᠨ ᠴᠡᠨᠡᠭ ᠤᠨ ᠦᠢᠯᠡᠳᠪᠦᠷᠢᠯᠡᠯ ᠤᠨ ᠲᠦᠷᠦᠯ ᠵᠦᠢᠯ ᠢ ᠵᠣᠯᠭᠠᠭᠤᠯᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠭᠠᠨ ᠤ ᠬᠤᠷᠠᠯ ᠳᠤ ᠣᠷᠣᠯᠴᠠᠪᠠ᠃    20 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠵᠠᠯᠠᠶᠢᠳ ᠬᠤᠰᠢᠭᠤ ᠪᠣᠯᠤᠨ ᠵᠦᠩ ᠬᠠᠢ ᠰᠠᠭᠤᠷᠢ ᠠᠵᠤ ᠦᠢᠯᠡᠰ ᠤᠨ ᠡᠪᠡᠰᠦᠨ ᠤ ᠦᠢᠯᠡᠰ ᠤᠨ ᠺᠣᠮᠫᠠᠨᠢ ᠶᠢᠨ ᠲᠦᠷᠦᠯ ᠵᠦᠢᠯ ᠢ ᠵᠣᠯᠭᠠᠭᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃   21 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠵᠠᠯᠠᠶᠢᠳ ᠬᠤᠰᠢᠭᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠠᠶᠢᠮᠠᠭ ᠤᠨ ᠠᠵᠤ ᠠᠬᠤᠶ ᠶᠢᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠬᠤᠨᠠᠨ ᠤ ᠴᠤᠸᠠᠩ ᠳ᠋ᠠ ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠶᠧ ᠹᠦ᠋ ᠵᠢᠶᠦ᠋ᠨ ᠨᠡᠷ ᠲᠠᠢ ᠲᠡᠮᠦᠷ ᠬᠦᠬᠦᠷ ᠤᠨ ᠰᠢᠩᠭᠡᠨ ᠤᠷᠤᠰᠬᠠᠯ ᠤᠨ ᠴᠠᠬᠢᠯᠭᠠᠨ ᠴᠡᠨᠡᠭ ᠤᠨ ᠦᠢᠯᠡᠳᠪᠤᠷᠢᠯᠡᠯ ᠤᠨ ᠲᠦᠷᠦᠯ ᠵᠦᠢᠯ ᠢ ᠳᠠᠬᠢᠨᠲᠠ ᠵᠣᠯᠭᠠᠭᠤᠯᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠤᠯᠠᠭᠠᠨᠬᠤᠲᠠ ᠳᠤ ᠳᠤᠮᠳᠠᠳᠤ ᠤᠯᠤᠰ ᠤᠨ ᠡᠨᠧᠷᠭᠢ ᠶᠢᠨ ᠪᠦᠲᠦᠬᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠢ ᠵᠣᠯᠭᠠᠭᠤᠯᠪᠠ᠃   22 ᠤᠨ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠠᠶᠢᠮᠠᠭ ᠤᠨ ᠲᠥᠪ ᠲᠤ ᠬᠦᠷᠴᠦ ᠬᠠᠮᠢᠶ᠎ᠠ ᠪᠦᠬᠦᠢ ᠠᠵᠢᠯ ᠢ ᠵᠣᠯᠭᠠᠭᠤᠯᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠤᠯᠠᠭᠠᠨᠬᠤᠲᠠ ᠳᠤ ᠳᠤᠮᠳᠠᠳᠤ ᠤᠯᠤᠰ ᠤᠨ ᠪᠠᠷᠢᠯᠭ᠎ᠠ ᠶᠢᠨ ᠵᠢᠷᠭᠤᠳᠤᠭᠠᠷ ᠪᠠᠷᠢᠯᠭ᠎ᠠ ᠶᠢᠨ ᠲᠣᠪᠴᠢᠶ᠎ᠠ ᠶᠢᠨ ᠬᠢᠵᠠᠭᠠᠷᠲᠤ ᠺᠣᠮᠫᠠᠨᠢ ᠶᠢᠨ ᠭᠦᠢᠴᠡᠳᠭᠡᠭᠴᠢ ᠳᠡᠳ᠋ ᠶᠡᠷᠦᠩᠬᠡᠶ ᠳᠠᠭᠠᠭᠠᠮᠠᠯ ᠶᠠᠩ ᠸᠧᠨ ᠶᠤᠸᠠᠨ ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠤᠯᠭᠠᠭᠤᠯᠪᠠ᠃    24 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ ᠠᠶᠢᠮᠠᠭ ᠤᠨ ᠳᠠᠷᠤᠭ᠎ᠠ ᠨᠠᠷ ᠤᠨ ᠠᠯᠪᠠᠨ ᠬᠤᠷᠠᠯ ᠳᠤ ᠣᠷᠣᠯᠴᠠᠵᠤ᠂ ᠳᠤᠯᠠᠭᠠᠯᠠᠭ᠎ᠠ ᠬᠠᠩᠭᠠᠬᠤ᠂ ᠴᠠᠭ ᠲᠠᠭᠠᠨ ᠲᠤᠰᠢᠶᠠᠬᠤ ᠠᠰᠠᠷ ᠤᠨ ᠠᠵᠢᠯ ᠢ ᠰᠤᠳᠤᠯᠪᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号