ᠵᠠᠯᠠᠶᠢᠳ ᠬᠤᠰᠢᠭᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2024/4/26
     ᠤᠶᠢᠷ᠎ᠠ ᠶᠢᠨ ᠬᠡᠳᠦᠨ ᠵᠢᠯ᠂ ᠵᠠᠯᠠᠶᠢᠳ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠨᠢ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠪᠠᠷ ᠭᠤᠤᠯ ᠰᠢᠵᠢᠮ ᠪᠤᠯᠭᠠᠵᠦ᠂ ᠬᠦᠮᠦᠨ ᠢ ᠬᠦᠮᠦᠵᠢᠬᠦᠯᠬᠦ ᠪᠠᠷ ᠦᠨᠳᠦᠰᠦᠨ ᠡᠬᠦᠷᠭᠡ ᠪᠤᠯᠭᠠᠵᠦ᠂ ᠡᠩᠨᠡᠭᠡ ᠶᠢᠨ ᠪᠦᠳᠦᠬᠡᠨ ᠪᠠᠶᠢᠭᠤᠯᠤᠯᠳᠠ ᠪᠠᠨ ᠲᠠᠰᠦᠷᠠᠯᠳᠠ ᠦᠬᠡᠢ ᠪᠤᠵᠠᠭᠠᠶᠢᠷᠠᠭᠤᠯᠵᠦ᠂ ᠵᠠᠯᠠᠭᠤᠴᠤᠳ ᠪᠠᠭᠠᠴᠤᠳ ᠤᠨ ᠡᠷᠡᠬᠦᠯ ᠴᠢᠬᠢᠷᠠᠭ ᠢᠶᠠᠷ ᠦᠰᠦᠨ ᠪᠤᠶᠢᠵᠢᠬᠤ ᠶᠢ ᠠᠬᠢᠭᠤᠯᠬᠤ᠂ ᠬᠡᠷ ᠪᠦᠯᠢ ᠶᠢᠨ ᠬᠦᠮᠦᠵᠢᠯ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ ᠲᠠᠯ᠎ᠠ ᠪᠠᠷ ᠴᠢᠬᠤᠯᠠ ᠦᠢᠯᠡᠳᠦᠯ ᠦᠵᠡᠬᠦᠯᠵᠦ ᠪᠠᠶᠢᠨ᠎ᠠ᠃     ᠤᠶᠢᠯᠠᠭᠠᠬᠰᠠᠨ ᠢᠶᠠᠷ᠂ ᠡᠨᠡ ᠵᠢᠯ ᠵᠠᠯᠠᠶᠢᠳ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠪᠦᠬᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠪᠠᠷ ᠭᠤᠤᠯ ᠰᠢᠵᠢᠮ ᠪᠤᠯᠭᠠᠵᠦ᠂ ᠰᠢᠨ᠎ᠠ ᠴᠠᠭ ᠦᠶ᠎ᠡ ᠶᠢᠨ ᠬᠤᠶᠢᠴᠢ ᠦᠶ᠎ᠡ ᠶᠢᠨ ᠬᠢᠨ  ᠢ ᠬᠠᠯᠠᠮᠵᠢᠯᠠᠬᠤ ᠠᠵᠢᠯ ᠢ ᠲᠤᠭᠤᠰᠢᠯᠠᠭᠤᠯᠬᠤ ᠶᠢ ᠠᠬᠢᠭᠤᠯᠬᠤ᠂ ᠬᠤᠪᠢᠰᠬᠠᠯᠳᠤ ᠤᠳᠤᠮᠰᠢᠯ ᠢ ᠤᠯᠠᠮᠵᠢᠯᠠᠬᠤ ᠢᠨᠵᠧᠨᠧᠷᠢᠩ ᠢ ᠬᠦᠨᠵᠡᠬᠡᠢ ᠬᠡᠷᠡᠭᠵᠢᠬᠦᠯᠬᠦ᠂ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠬᠦ᠂ ︽ᠲᠠᠪᠦᠨ ᠰᠠᠶᠢᠨ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠰᠢᠨ᠎ᠡ ᠶᠢ ᠡᠬᠦᠳᠬᠦ ᠠᠵᠢᠯᠯᠠᠭ᠎ᠠ ᠦᠷᠨᠢᠬᠦᠯᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠠᠵᠢᠯ ᠦᠷᠨᠢᠬᠦᠯᠵᠦ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠡᠭᠡᠷ᠎ᠡ ᠬᠦᠴᠦ ᠪᠠᠨ ᠲᠦᠪᠯᠡᠷᠡᠬᠦᠯᠵᠦ ᠪᠠᠶᠢᠨ᠎ᠠ᠃     ᠵᠠᠯᠠᠶᠢᠳ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠵᠠᠯᠠᠭᠤᠴᠤᠳ ᠪᠠᠭᠠᠴᠤᠳ ᠤᠨ ᠡᠷᠡᠬᠦᠯ ᠴᠢᠬᠢᠷᠠᠭ ᠢᠶᠠᠷ ᠦᠰᠦᠨ ᠪᠤᠶᠢᠵᠢᠬᠤ ᠳᠤ ᠲᠡᠮᠵᠢᠯᠬᠡ ᠦᠵᠡᠬᠦᠯᠬᠦ ᠶᠢᠨ ᠲᠦᠯᠦᠬᠡ᠂ 2023 ᠤᠨ ᠳᠤ᠂ ︽ᠦᠳᠡᠯᠦᠬᠡ ᠪᠠᠭᠠᠴᠤᠳ ᠬᠠᠮᠳᠤᠪᠡᠷ ᠨᠠᠮ ᠤᠨ ᠠᠴᠢ ᠳᠤ ᠲᠠᠯᠠᠷᠬᠠᠨ ᠰᠢᠨ᠎ᠠ ᠠᠶᠠᠨ ᠳᠠᠭᠠᠨ ᠡᠷᠡᠯᠬᠡᠭᠯᠡᠨ ᠤᠷᠤᠬᠰᠢᠯᠠᠶ᠎ᠠ︾ ᠭᠡᠬᠦ ᠭᠤᠤᠯ ᠰᠡᠳᠤᠪᠳᠤ ᠬᠦᠮᠦᠵᠢᠯ ᠦᠢᠯᠡᠳᠦᠯᠬᠡ ᠶᠢᠨ 257 ᠲᠠᠯᠠᠪᠦᠷ ᠠᠵᠢᠯᠯᠠᠭ᠎ᠠ ᠦᠷᠨᠢᠬᠦᠯᠵᠦ ᠂ ᠬᠦᠮᠦᠵᠢᠯ ᠬᠦᠷᠳᠡᠭᠰᠡᠨ ᠵᠠᠯᠠᠭᠤᠴᠤᠳ ᠪᠠᠭᠠᠴᠤᠳ 23000 ᠬᠦᠮᠦᠨ ᠤᠳᠠᠭ᠎ᠠ ᠳᠤ ᠲᠤᠯᠤᠬᠰᠠᠨ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠬᠤ 12 ᠲᠠᠯᠠᠪᠦᠷ ︵ᠤᠳᠠᠭ᠎ᠠ︶ ᠲᠤᠰᠬᠠᠢ ᠰᠡᠳᠤᠪᠳᠤ ᠮᠡᠳᠡᠬᠦᠯᠦᠯᠳᠡ ᠬᠢᠵᠦ᠂ 2455 ᠵᠠᠯᠠᠭᠤᠴᠤᠳ ᠪᠠᠭᠠᠴᠤᠳ ᠤᠷᠤᠯᠴᠠᠬᠰᠠᠨ ᠪᠠᠶᠢᠨ᠎ᠠ᠃ ︽ᠵᠠᠯᠠᠭᠤᠴᠤᠳ ᠪᠠᠭᠠᠴᠤᠳ ᠨᠠᠮ ᠤᠨ ᠲᠡᠤᠬᠡ ᠶᠢ ᠰᠤᠷᠤᠯᠴᠠᠬᠤ ᠰᠠᠷ᠎ᠠ︾ ︽ᠬᠤᠪᠢᠰᠬᠠᠯᠳᠤ ᠤᠳᠤᠮᠰᠢᠯ ᠢ ᠤᠯᠠᠮᠵᠢᠯᠠᠵᠦ᠂ ᠴᠠᠭ ᠦᠶ᠎ᠡ ᠶᠢᠨ ᠰᠢᠯᠢᠳᠡᠭ ᠬᠦᠮᠦᠨ ᠪᠤᠯᠤᠶ᠎ᠠ︾ ᠵᠡᠷᠭᠡ ᠭᠤᠤᠯ ᠰᠡᠳᠤᠪᠳᠤ ᠬᠦᠮᠦᠵᠢᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠦᠭᠰᠡᠨ ᠪᠠᠶᠢᠨ᠎ᠠ᠃ ︽ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠳᠤ ᠬᠡᠤᠬᠡᠳ ᠪᠠᠭᠠᠴᠤᠳ ᠠᠴᠠ ᠡᠬᠢᠯᠡᠨ᠎ᠡ︾ ᠭᠡᠬᠦ ᠭᠤᠤᠯ ᠰᠡᠳᠤᠪᠳᠤ ᠬᠦᠮᠦᠵᠢᠯ ᠤᠨ ᠠᠵᠢᠯᠯᠠᠭ᠎ᠠ ᠶᠢ ᠦᠷᠬᠦᠯᠵᠢ ᠶᠢᠨ ᠴᠢᠨᠠᠷᠳᠠᠢ ᠦᠷᠨᠢᠬᠦᠯᠦᠭᠰᠡᠨ ᠪᠠᠶᠢᠨ᠎ᠠ᠃ ᠪᠦᠬᠦ ᠬᠤᠰᠢᠭᠤᠨ ᠤ ᠡᠯ᠎ᠡ ᠱᠠᠳᠦᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠬᠠᠯᠠᠮᠵᠢᠯᠠᠨ ᠬᠠᠪᠰᠤᠷᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠡᠯ᠎ᠡ ᠲᠦᠷᠦᠯ ᠤᠨ ᠪᠤᠯᠪᠠᠰᠦᠷᠠᠯ ᠤᠨ ᠠᠩᠬᠢ ᠶᠢ 14 ᠬᠤᠭᠤᠴᠠᠭ᠎ᠠ ᠡᠷᠬᠢᠯᠡᠵᠦ᠂ ᠨᠡᠶᠢᠳᠡ 796 ᠬᠦᠮᠦᠨ ᠬᠦᠳᠡᠭᠡ ᠲᠤᠰᠬᠤᠨ ᠤ ᠵᠠᠯᠠᠭᠤᠴᠤᠳ ᠤᠨ ᠬᠦᠳᠤᠴᠢ ᠪᠤᠯᠵᠦ᠂ 47 ᠨᠡᠷᠡᠰ ᠰᠢᠯᠢᠳᠡᠭ ᠵᠠᠯᠠᠭᠤ ᠲᠤᠰᠬᠤᠨ ᠤ ᠵᠦᠪᠯᠡᠯ ᠤᠨ ᠬᠡᠰᠢᠬᠦᠨ ᠪᠤᠯᠵᠦ᠂ 20 ᠭᠠᠷᠦᠢ ᠬᠦᠮᠦᠨ ᠰᠢᠨᠵᠢᠯᠡᠭᠡ ᠮᠡᠷᠬᠡᠵᠢᠯ ᠤᠨ ᠲᠠᠷᠢᠵᠦ ᠦᠷᠡᠵᠢᠬᠦᠯᠬᠦ ᠲᠤᠮᠤ ᠡᠷᠦᠬᠡ ᠪᠤᠯᠤᠬᠰᠠᠨ ᠪᠠᠶᠢᠨ᠎ᠠ᠃ ︽ᠨᠡᠶᠢᠬᠡᠮ ᠤᠨ ᠠᠰᠠᠷᠠᠮᠵᠢ ᠳᠤ ᠵᠢᠳᠬᠦᠯ ᠦᠵᠡᠬᠦᠯᠬᠦ︾ ᠬᠠᠶᠢᠷ᠎ᠠ ᠬᠠᠯᠠᠮᠵᠢᠳᠤ ᠢᠨᠵᠧᠨᠧᠷᠢᠩ ᠢ ᠬᠡᠷᠡᠭᠵᠢᠬᠦᠯᠵᠦ᠂ ᠪᠦᠬᠦ ᠬᠤᠰᠢᠭᠤᠨ ᠤ ᠡᠯ᠎ᠡ ᠠᠵᠢᠯ ᠲᠦᠷᠦᠯ ᠪᠠ ᠨᠡᠶᠢᠬᠡᠮ ᠤᠨ ᠬᠠᠶᠢᠷ᠎ᠠ ᠬᠠᠯᠠᠮᠵᠢᠳᠤ ᠬᠦᠮᠦᠰ 113 ᠲᠦᠮᠡᠨ ᠲᠦᠬᠦᠷᠢᠭ ᠤᠨ ᠰᠤᠷᠤᠯᠭ᠎ᠠ ᠶᠢ ᠲᠡᠳᠬᠦᠬᠦ ᠪᠡᠯᠡ ᠤᠷᠤᠭᠤᠯᠵᠦ᠂ 2230 ᠵᠠᠯᠠᠭᠤ ᠪᠠᠭᠠᠴᠤᠳ ᠲᠡᠮᠵᠢᠯᠬᠡ ᠤᠯᠵᠦ ᠬᠦᠷᠳᠡᠭᠰᠡᠨ ᠪᠠᠶᠢᠨ᠎ᠠ᠃                      ︵ᠢᠤᠢ ᠴᠠᠩ ᠹᠧᠩ   ᠶᠠᠨ ᠭᠥᠸᠧ ᠸᠧᠨ   ᠲᠤᠤ ᠭᠥᠸᠧ ᡁᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号