ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
ᠨᠡᠶᠢᠲᠡᠯᠡᠭᠰᠡᠨ ᠴᠠᠭ᠄
2024/4/26
ᠪᠠᠶᠢᠭᠤᠯᠤᠮᠵᠢ ᠶᠢᠨ ᠡᠭᠦᠷᠭᠡ ᠴᠢᠳᠠᠪᠬᠢ᠄    1. ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠤᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠎ᠠ᠃    2. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠬᠤᠰᠢᠭᠤᠨ ᠳᠠᠬᠢ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠪᠠᠯᠭᠠᠰᠤᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠠᠰᠠᠭᠤᠳᠠᠯ ᠢ ᠰᠤᠳᠤᠯᠵᠤ᠂ ᠦᠨᠡᠨ ᠬᠦ ᠶᠠᠪᠤᠭᠳᠠᠭᠤᠰᠢᠲᠠᠶ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃    3. ᠬᠠᠷᠢᠶ᠎ᠠ ᠣᠷᠣᠨ ᠤ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠭ᠎ᠠ ᠲᠣᠭᠤᠷᠢᠭ ᠤᠨ ᠠᠳᠠᠯ ᠠᠬᠤᠶ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ︽ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ︾ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠲᠠᠯᠪᠢᠯᠳᠠ᠂ ᠣᠷᠴᠢᠨ ᠲᠣᠭᠤᠷᠢᠨ ᠢ ᠬᠠᠮᠠᠭᠠᠯᠠᠬᠤ᠂ ᠬᠠᠭᠤᠴᠢᠨ ᠪᠠᠭ᠎ᠠ ᠲᠣᠭᠤᠷᠢᠭ ᠢ ᠴᠡᠭᠴᠡᠯᠡᠨ ᠵᠠᠰᠠᠬᠤ᠂ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠲᠥᠯᠥᠪᠵᠢᠭᠦᠯᠭᠡ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃    4. ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠪᠠ ᠲᠦᠷᠢᠮ ᠤᠨ ᠪᠠᠶᠢᠭᠤᠯᠤᠯᠲᠠ ᠶᠢ ᠵᠢᠯᠣᠭᠤᠳᠴᠤ᠂ ᠣᠯᠠᠨ ᠲᠦᠮᠡᠨ ᠢ ᠳᠠᠶᠢᠴᠢᠯᠠᠨ ᠣᠯᠠᠨ ᠲᠦᠮᠡᠨ ᠳᠤ ᠦᠢᠯᠡᠴᠢᠯᠡᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠥᠮᠦᠵᠢᠭᠦᠯᠵᠦ ᠬᠠᠤᠯᠢ ᠶᠣᠰᠣᠭᠠᠷ ᠭᠦᠢᠴᠡᠳᠭᠡᠪᠡᠰᠦ ᠵᠣᠬᠢᠬᠤ ᠡᠭᠦᠷᠭᠡ ᠪᠠᠨ  ᠭᠦᠢᠴᠡᠳᠭᠡᠬᠦ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃    5. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠵᠡᠷᠭᠡ ᠲᠠᠷᠢᠶᠠᠯᠠᠩ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠢ ᠰᠠᠶᠢᠲᠤᠷ ᠥᠷᠨᠢᠭᠦᠯᠦᠨ᠎ᠡ᠃  6. ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ᠂ ᠬᠦᠴᠢᠷᠳᠡᠭᠰᠡᠳ ᠢ ᠲᠡᠳᠬᠦᠨ ᠵᠡᠮᠳᠡᠭᠴᠦᠳ ᠢ ᠲᠤᠰᠠᠯᠠᠬᠤ᠂ ᠨᠡᠶᠢᠭᠡᠮ ᠤᠨ ᠲᠡᠳᠬᠦᠮᠵᠢ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠠᠷᠠᠳ ᠤᠨ ᠵᠡᠪᠰᠡᠭᠲᠦ ᠬᠦᠴᠦᠨ ᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃    7. ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠵᠤᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠶᠡᠷᠦᠩᠬᠡᠶᠢᠯᠡᠨ ᠵᠠᠰᠠᠯᠳᠠ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠵᠢᠷᠤᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠤᠤᠷᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂  ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃    8. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠠᠷᠪᠡᠨᠭᠡᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号