ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2024/4/26
ᠭᠤᠤᠯ ᠡᠭᠦᠷᠭᠡ ᠬᠠᠷᠢᠭᠤᠴᠠᠯᠭ᠎ᠠ᠄    ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ᠎ᠠ᠃    ︵ᠬᠤᠶᠠᠷ︶ ᠨᠠᠮ ᠪᠠ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠳᠣᠲᠣᠭᠠᠳᠤ ᠶᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠪᠠᠷ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠨᠠᠶᠢᠳᠠᠪᠤᠷᠢᠵᠢᠭᠤᠯᠤᠨ ᠪᠠᠶᠢᠷᠢᠯᠠᠭᠤᠯᠵᠤ ᠶᠡᠷᠦᠩᠬᠡᠶᠢᠯᠡᠨ ᠵᠢᠯᠣᠭᠤᠳᠴᠤ ᠬᠢᠨᠠᠨ ᠪᠠᠶᠢᠴᠠᠭᠠᠨ᠎ᠠ᠃    ︵ᠭᠤᠷᠪᠠ︶ ᠴᠤᠤᠯ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠤᠪᠢᠶᠠᠷᠢ ᠲᠣᠪᠴᠢᠶ᠎ᠠ᠂ ᠳᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢ ᠬᠠᠮᠢᠶᠠᠷᠴᠤ᠂ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃    ︵ᠲᠦᠷᠪᠡ︶ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠭᠰᠡᠨ᠂ ᠤᠯᠤᠰ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠢ ᠡᠵᠡᠮᠰᠢᠨ᠂ ᠪᠠᠶᠢᠳᠠᠯ ᠢ ᠵᠠᠳᠠᠯᠵᠤ᠂ ᠠᠷᠭᠠᠴᠠᠭᠠᠬᠤ ᠪᠤᠳᠤᠯᠭ᠎ᠠ ᠲᠣᠭᠲᠠᠭᠠᠨ᠎ᠠ᠃    ︵ᠲᠠᠪᠤ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠡᠷᠡᠭᠦᠤ ᠶᠢᠨ ᠶᠠᠯᠠᠲᠤ ᠬᠡᠷᠡᠭ᠂ ᠠᠵᠤ ᠠᠬᠤᠶ ᠶᠢᠨ ᠶᠠᠯᠠᠲᠤ ᠬᠡᠷᠡᠭ ᠪᠠ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠳᠡᠭᠡᠨ ᠤᠮᠳᠠᠭᠠᠨ ᠪᠠ ᠡᠮ ᠤᠨ ᠵᠦᠢᠯᠡᠰ᠂ ᠠᠮᠢ ᠠᠬᠤᠶ ᠣᠷᠴᠢᠨ ᠲᠣᠭᠤᠷᠢᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠵᠡᠷᠭᠡ ᠬᠦᠷᠢᠶ᠎ᠡ ᠴᠠᠷᠠᠭ᠎ᠠ ᠳᠠᠬᠢ ᠶᠠᠯᠠᠲᠤ ᠬᠡᠷᠡᠭ ᠢ ᠲᠠᠩᠨᠠᠨ ᠰᠢᠢᠳᠪᠤᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃    ︵ᠵᠢᠷᠭᠤᠭ᠎ᠠ︶ ᠪᠥᠬᠦ ᠬᠤᠰᠢᠭᠤᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠦᠨᠳᠦ ᠶᠡᠭᠡ ᠠᠮᠤᠷ ᠲᠦᠪᠰᠢᠨ ᠤ ᠡ᠊ᠨᠳᠡᠯ ᠪᠠ ᠬᠠᠮᠲᠤᠯᠢᠭ ᠤᠨ ᠴᠢᠨᠠᠷᠲᠠᠶ ᠬᠡᠷᠡᠭ ᠢ ᠵᠣᠬᠢᠴᠠᠭᠤᠯᠤᠨ ᠰᠢᠢᠳᠪᠤᠷᠢᠯᠡᠵᠦ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠡᠪᠳᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠬᠦ ᠶᠢ ᠵᠢᠯᠣᠭᠤᠳᠤᠨ ᠬᠢᠨᠠᠯᠲᠠ ᠲᠠᠯᠪᠢᠵᠤ᠂ ᠠᠮᠤᠷ ᠲᠦᠪᠰᠢᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠭᠠᠯ ᠰᠡᠷᠭᠡᠶᠢᠯᠡᠬᠦ ᠪᠠ ᠠᠶᠤᠯᠲᠠᠶ ᠬᠢᠮᠢ ᠶᠢᠨ ᠪᠣᠳᠠᠰ ᠤᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    ︵ᠳᠣᠯᠤᠭ᠎ᠠ︶ ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠵᠢᠴᠢ ᠮᠠᠰᠢᠨᠲᠤ ᠲᠡᠷᠭᠡ ︵ᠲᠷᠠᠺᠲ᠋ᠣᠷ ᠪᠠᠭᠲᠠᠬᠤ ᠦᠭᠡᠢ︶ ᠪᠣᠯᠤᠨ ᠵᠢᠯᠣᠭᠤᠴᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ ᠬᠢᠨᠠᠯᠲᠠ ᠲᠠᠯᠪᠢᠨ᠎ᠠ᠃    ︵ᠨᠠᠢᠮᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠬᠡᠷᠡᠭᠵᠢᠭᠦᠯᠬᠦ ᠶᠢᠨ ᠬᠠᠮᠲᠤ ᠵᠢᠯᠣᠭᠤᠳᠬᠤ ᠪᠠ ᠬᠢᠨᠠᠯᠲᠠ ᠲᠠᠯᠪᠢᠵᠤ᠂ ᠪᠥᠬᠦ ᠬᠤᠰᠢᠭᠤᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠬᠤ᠂ ᠪᠠᠶᠢᠴᠠᠭᠠᠬᠤ᠂ ᠵᠢᠯᠣᠭᠤᠳᠬᠤ ᠶᠢ ᠬᠠᠷᠢᠭᠤᠴᠠᠵᠤ᠂ ᠲᠣᠤᠷ ᠰᠦᠯᠵᠢᠶ᠎ᠡ ᠬᠢᠭᠡᠳ ᠮᠡᠳᠡᠭᠡ ᠵᠠᠩᠭᠢ ᠶᠢᠨ ᠠᠮᠤᠷ ᠲᠦᠪᠰᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠠᠷᠯᠠᠨ ᠮᠡᠳᠡᠭᠳᠡᠵᠦ ᠰᠢᠢᠳᠪᠤᠷᠢᠯᠡᠬᠦ ᠠᠵᠢᠯ ᠢ ᠬᠠᠷᠢᠭᠤᠴᠠᠨ᠎ᠠ᠃    ︵ᠶᠢᠰᠦ︶ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠭᠰᠡᠨ᠂ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠢ ᠴᠤᠭᠯᠠᠭᠤᠯᠬᠤ ᠶᠢᠨ ᠬᠠᠮᠲᠤ ᠵᠠᠳᠠᠯᠤᠨ ᠰᠤᠳᠤᠯᠵᠤ ᠮᠠᠭᠠᠳᠯᠠᠭᠠᠳ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃    ︵ᠠᠷᠪᠠ︶ ᠪᠥᠬᠦ ᠬᠤᠰᠢᠭᠤᠨ ᠤ ᠰᠦᠷᠳᠡᠭᠦᠯᠦᠯ ᠤᠨ ᠠᠵᠢᠯᠯᠠᠭ᠎ᠠ ᠶᠢ ᠰᠡᠷᠭᠡᠶᠢᠯᠡᠬᠦ᠂ ᠲᠤᠷᠰᠢᠨ ᠪᠠᠶᠢᠴᠠᠭᠠᠬᠤ ᠪᠠ ᠴᠣᠬᠢᠯᠲᠠ ᠥᠭᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠴᠤ ᠵᠣᠬᠢᠴᠠᠭᠤᠯᠤᠨ᠎ᠠ᠃    ︵ᠠᠷᠪᠠᠨ ᠨᠢᠭᠡ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠤᠷ ᠴᠠᠭᠠᠵᠠᠯᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠴᠤ ᠵᠣᠬᠢᠴᠠᠭᠤᠯᠤᠨ᠎ᠠ᠃    ︵ᠠᠷᠪᠠᠨ ᠬᠤᠶᠠᠷ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠬᠢᠨᠠᠯᠲᠠ ᠲᠠᠯᠪᠢᠨ᠎ᠠ᠃    ︵ᠠᠷᠪᠠᠨ ᠭᠤᠷᠪᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡᠯᠡᠵᠦ ᠪᠠᠶᠢᠭ᠎ᠠ ᠡᠷᠡᠭᠦᠤ ᠰᠢᠳᠬᠡᠯ ᠭᠦᠢᠴᠡᠳᠭᠡᠬᠦ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠬᠤᠷᠢᠬᠤ ᠭᠠᠵᠠᠷ᠂ ᠲᠦᠷ ᠬᠤᠷᠢᠬᠤ ᠭᠠᠵᠠᠷ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ ᠬᠢᠨᠠᠯᠲᠠ ᠲᠠᠯᠪᠢᠨ᠎ᠠ᠃    ︵ᠠᠷᠪᠠᠨ ᠳᠥᠷᠪᠡ︶ ᠨᠠᠮ ᠪᠠ ᠲᠥᠷᠥ ᠶᠢᠨ ᠬᠠᠮᠢᠶ᠎ᠠ ᠪᠥᠬᠦᠶ ᠤᠳᠤᠷᠢᠳᠬᠤ ᠬᠥᠮᠦᠨ᠂ ᠭᠠᠳᠠᠭᠠᠳᠤ ᠶᠢᠨ ᠴᠢᠬᠤᠯᠠ ᠵᠣᠴᠢᠳ ᠤᠨ ᠬᠤᠰᠢᠭᠤᠨ ᠳᠣᠲᠣᠷᠠᠬᠢ ᠬᠠᠮᠢᠶ᠎ᠠ ᠪᠥᠬᠦᠶ ᠠᠵᠢᠯᠯᠠᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠲᠠᠪᠤ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠯᠣᠭᠤᠳᠬᠤ ᠰᠢᠰᠲ᠋ᠧᠮ᠂ ᠲᠣᠮᠣ ᠳ᠋ᠠᠶᠢᠲ᠋ᠠ ᠶᠢᠨ ᠮᠡᠷᠭᠡᠵᠢᠯ᠂ ᠡᠷᠡᠭᠦᠤ ᠶᠢᠨ ᠬᠡᠷᠡᠭ ᠤᠨ ᠮᠡᠷᠭᠡᠵᠢᠯ ᠤᠨ ᠪᠠᠶᠢᠭᠤᠯᠤᠯᠲᠠ ᠶᠢ ᠲᠥᠯᠥᠪᠵᠢᠭᠦᠯᠦᠨ᠎ᠡ᠃    ︵ᠠᠷᠪᠠᠨ ᠵᠢᠷᠭᠤᠭ᠎ᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ  ᠵᠡᠪᠰᠡᠭ ᠲᠤᠨᠤᠭᠯᠠᠯ ᠤᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠨᠤᠭ ᠲᠥᠬᠦᠭᠡᠷᠦᠮᠵᠢ ᠪᠠ ᠵᠠᠷᠤᠳᠠᠯ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠨ᠂ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠳᠣᠯᠤᠭ᠎ᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠪᠠᠷ ᠺᠠᠳ᠋ᠷ ᠢ ᠬᠠᠮᠢᠶᠠᠷᠤᠨ᠎ᠠ᠃ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠦᠷᠢᠮ ᠢ ᠲᠣᠭᠲᠠᠭᠠᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠺᠠᠳ᠋ᠷ ᠲᠤ ᠬᠢᠨᠠᠯᠲᠠ ᠲᠠᠯᠪᠢᠬᠤ ᠠᠵᠢᠯ ᠢ ᠬᠡᠷᠡᠭᠵᠢᠭᠦᠯᠵᠦ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠬᠦᠨᠳᠦ ᠶᠡᠭᠡ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠤᠷᠢᠯᠡᠬᠦ ᠪᠤᠶᠤ ᠱᠠᠯᠠᠪᠳᠠᠭᠤᠯᠤᠨ ᠰᠢᠢᠳᠪᠤᠷᠢᠯᠡᠵᠦ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠪᠠ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠵᠢᠯᠣᠭᠤᠳᠤᠨ᠎ᠠ᠃    ︵ᠠᠷᠪᠠᠨ ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号