ᠡᠨᠡ ᠵᠢᠯ ᠠᠴᠠ ᠨᠠᠰᠢ᠂ ᠵᠠᠯᠠᠶᠢᠳ ᠬᠤᠰᠢᠭᠤ ᠰᠢᠨ᠎ᠡ ᠨᠢᠭᠡ ᠡᠭᠡᠯᠵᠢ ᠶᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ᠂ ︽ᠡᠬᠢᠯᠡᠯᠲᠡ ᠪᠠᠨ | ᠴᠢᠩᠭᠠᠳᠬᠠᠵᠤ᠂ ᠡᠬᠢᠯᠡᠯᠲᠡ ᠪᠠᠨ ᠲᠦᠷᠭᠡᠳᠬᠡᠬᠦ︾ ᠣᠪᠣᠷ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ︽ᠬᠤᠷᠳᠤᠴᠠ ᠪᠠᠨ ᠲᠦᠷᠭᠡᠳᠭᠡᠬᠦ︾ ᠶᠢ ᠠᠬᠢᠭᠤᠯᠵᠤ᠂ ᠣᠲᠣ ᠦᠶ᠎ᠡ ᠶᠢᠨ | ᠲᠠᠷᠢᠶᠠᠯᠠᠩ ᠤᠨ ︽ ᠦᠨᠳᠦᠷ ᠬᠤᠷᠳᠦᠴᠠᠲᠦ ᠵᠠᠮ︾ ᠳᠤ ᠣᠷᠣᠬᠤ ᠳᠤ ᠬᠦᠴᠦᠨ ᠨᠡᠮᠡᠷᠢᠯᠡᠪᠡ᠃ | ᠡᠯ᠎ᠡ ᠲᠥᠷᠥᠯ ᠤᠨ ᠲᠣᠮᠣ ᠬᠡᠯᠪᠡᠷᠢ ᠶᠢᠨ ᠮᠠᠰᠢᠨ ᠮᠧᠬᠠᠨᠢᠭ ᠰᠦᠯᠵᠢᠯᠳᠦᠬᠦ᠂ ᠪᠠᠴᠢᠮ ᠶᠠᠭᠠᠷᠠᠯᠲᠠᠢ | ᠠᠵᠢᠯᠯᠠᠬᠤ ᠶᠢ ᠳᠠᠭᠠᠯᠳᠤᠨ᠂ ᠬᠡᠰᠡᠭ ᠬᠡᠰᠡᠭ ᠲᠠᠷᠢᠶᠠᠨ ᠭᠠᠵᠠᠷ ᠲᠡᠭᠰᠢ ᠪᠣᠯᠵᠤ᠂ ᠨᠢᠭᠡ ᠬᠡᠰᠡᠭ ᠲᠠᠷᠢᠶᠠᠯᠠᠬᠤ ᠵᠠᠮ | ᠲᠡᠭᠰᠢ ᠪᠤᠯᠵᠠᠢ᠃ ᠡᠨᠡ ᠵᠢᠯ ᠢᠨᠳᠡᠷ ᠪᠠᠯᠭᠠᠰᠤ EPC ᠶᠢ ᠬᠡᠷᠡᠭᠯᠡᠨ 18.91 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ | ︽ᠡᠨᠡ ᠵᠢᠯ ᠤᠨ ᠡᠴᠦᠰ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠲᠥᠷᠥᠯ | ᠵᠦᠢᠯ ᠢ ᠪᠠᠶᠢᠭᠤᠯᠤᠭᠰᠠᠨ ᠤ ᠳᠠᠷᠠᠭ᠎ᠠ᠂ ᠢᠨᠳᠡᠷ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠲᠠᠯᠠᠪᠠᠶ 69 ᠲᠦᠮᠡᠨ ᠮᠥ ᠳᠤ ᠬᠦᠷᠬᠦ ᠪᠤᠯᠵᠦ᠂ ᠮᠠᠨ ᠤ ᠪᠦᠬᠦᠯᠢ ᠴᠣᠭᠴᠠ ᠶᠢᠨ ᠲᠠᠷᠢᠶᠠᠨ ᠭᠠᠵᠠᠷ ᠤᠨ | ᠲᠠᠯᠠᠪᠠᠶ ᠶᠢᠨ 68% ᠶᠢ ᠡᠵᠡᠯᠡᠵᠦ᠂ 4.4 ᠲᠦᠮᠡᠨ ᠬᠥᠮᠦᠨ ᠠᠮᠠ ᠡᠭᠦᠨ ᠠᠴᠠ ᠠᠰᠢᠭ ᠬᠦᠷᠲᠡᠬᠦ ᠪᠣᠯᠤᠨ᠎ᠠ︾ | ᠭᠡᠵᠦ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠰᠢᠶᠤᠤ ᠸᠧᠶ ᠬᠡᠯᠡᠵᠡᠶ᠃ | 2023 ᠣᠨ ᠤ 5 ᠰᠠᠷ᠎ᠠ ᠳᠤ᠂ ᠵᠠᠯᠠᠶᠢᠳ ᠬᠤᠰᠢᠭᠤ ᠪᠥᠬᠦ ᠤᠯᠤᠰ ᠤᠨ ᠲᠦᠷᠦᠭᠦᠤ ᠪᠦᠯᠦᠭ 8᠂ ᠪᠥᠬᠦ | ᠣᠷᠣᠨ ᠤ ᠴᠣᠷ ᠤᠨ ᠭᠠᠭᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠲᠤᠷᠰᠢᠯᠲᠠ ᠶᠢᠨ ᠴᠡᠭ ᠢᠶᠠᠷ ᠵᠥᠪᠰᠢᠶᠡᠷᠡᠭᠳᠡᠵᠦ᠂ ᠮᠥᠨ ᠴᠦ ᠵᠡᠭᠦᠨ ᠬᠤᠶᠢᠲᠤ ᠶᠢᠨ ᠬᠠᠷ᠎ᠠ | ᠬᠥᠷᠥᠰᠥᠲᠦ ᠣᠷᠣᠨ ᠢ ᠲᠥᠯᠥᠭᠡᠯᠡᠨ ᠪᠥᠬᠦ ᠣᠷᠣᠨ ᠪᠦᠰᠡ ᠪᠠᠷ ᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠴᠤᠷ ᠤᠨ ᠭᠠᠭᠴᠠ ᠲᠤᠷᠰᠢᠯᠲᠠ ᠶᠢᠨ ᠴᠡᠭ ᠪᠣᠯᠵᠣ᠂ ᠶᠡᠷᠦᠩᠬᠡᠶ | ᠡᠭᠦᠷᠭᠡ ᠨᠢ 423 ᠲᠦᠮᠡᠨ ᠮᠥ ᠪᠠᠶᠢᠵᠤ᠂ ᠡᠭᠦᠨ ᠳᠤ 305.36 ᠲᠦᠮᠡᠨ ᠮᠥ ᠶᠢ ᠰᠢᠨ᠎ᠡ ᠪᠠᠷ ᠪᠠᠶᠢᠭᠤᠯᠵᠤ᠂ | 117.64 ᠲᠦᠮᠡᠨ ᠮᠥ ᠥᠭᠡᠷᠡᠴᠢᠯᠡᠨ ᠳᠡᠭᠡᠭᠰᠢᠯᠡᠭᠦᠯᠵᠦ᠂ ᠪᠥᠬᠦ ᠬᠤᠰᠢᠭᠤᠨ ᠤ 515.25 ᠲᠦᠮᠡᠨ ᠮᠥ | ᠦᠨᠳᠦᠰᠦᠨ ᠲᠠᠷᠢᠶᠠᠨ ᠭᠠᠵᠠᠷ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ 2023 ᠣᠨ ᠪᠣᠯᠲᠠᠯ᠎ᠠ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 238.76 ᠲᠦᠮᠡᠨ ᠮᠥ ᠳᠤ ᠲᠤᠯᠵᠤ᠂ ᠦᠷᠭᠦᠯᠵᠢ ᠶᠢᠨ ᠲᠠᠷᠢᠶᠠᠨ | ᠭᠠᠵᠠᠷ ᠤᠨ 46.3% ᠶᠢ ᠡᠵᠡᠯᠡᠪᠡ᠃ 2024 ᠣᠨ ᠳᠤ᠂ 120.06 ᠲᠦᠮᠡᠨ ᠮᠥ ᠶᠢ ᠬᠡᠷᠡᠭᠵᠢᠭᠦᠯᠬᠦ ᠪᠠᠷ | ᠲᠥᠯᠥᠪᠯᠡᠵᠦ᠂ 6 ᠰᠤᠮᠤ ᠰᠢᠶᠠᠩ ᠪᠠᠯᠭᠠᠰᠤ᠂ 59 ᠭᠠᠴᠠᠭ᠎ᠠ ᠲᠣᠰᠬᠤᠨ ᠲᠠᠢ ᠬᠤᠯᠪᠣᠭᠳᠠᠨ᠎ᠠ᠃ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ | ᠪᠥᠬᠦ ᠲᠠᠯ᠎ᠠ ᠪᠠᠷ ᠪᠠᠬᠢᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠰᠠᠶᠢᠲᠤᠷ ᠪᠠᠶᠢᠭᠤᠯᠤᠨ ᠰᠠᠶᠢᠲᠤᠷ ᠬᠠᠮᠢᠶᠠᠷᠪᠠᠯ ᠰᠠᠶ᠋ᠢ ᠲᠠᠷᠢᠶᠠᠨ ᠭᠠᠵᠠᠷ ᠨᠢᠭᠡᠪᠦᠷᠢ ᠶᠢ ᠴᠥᠮ ᠡᠯᠪᠡᠭ | ᠬᠤᠷᠢᠶᠠᠯᠲᠠ ᠶᠢᠨ ᠬᠥᠷᠥᠰᠥ ᠪᠣᠯᠭᠠᠵᠤ ᠴᠢᠳᠠᠨ᠎ᠠ᠃ ᠬᠤᠰᠢᠭᠤ ᠰᠢᠶᠠᠨ ᠤ ᠲᠡᠰ ᠤᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ | ᠂ 2024 ᠣᠨ ᠳᠤ᠂ ᠵᠠᠯᠠᠶᠢᠳ ᠬᠤᠰᠢᠭᠤ ︽ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠦᠨᠡᠨ ᠠᠴᠠ | ᠵᠥᠪ ᠢ ᠡᠷᠢᠵᠦ᠂ ᠳᠡᠭᠡᠭᠰᠢ ᠪᠠᠨ ᠲᠦᠷᠦ ᠶᠢᠨ ᠪᠤᠳᠤᠯᠭ᠎ᠠ ᠲᠠᠢ ᠨᠡᠶᠢᠴᠡᠭᠦᠯᠵᠦ᠂ ᠤᠯᠠᠨ ᠲᠦᠮᠡᠨ ᠤ ᠰᠡᠳᠬᠢᠯ | ᠬᠠᠨᠤᠮᠵᠢᠲᠠᠢ ᠪᠠᠶᠢᠬᠤ︾ ᠶᠡᠷᠦᠩᠬᠡᠢ ᠬᠠᠷᠠᠯᠲᠠ ᠶᠢᠨ ᠶᠣᠰᠣᠭᠠᠷ᠂ ᠲᠤᠷᠰᠢᠯᠲᠠ ᠶᠢᠨ ᠠᠵᠢᠯ ᠢ ᠠᠬᠢᠭᠤᠯᠬᠤ | ᠶᠠᠪᠤᠴᠠ ᠳᠤ᠂ ︽ᠲᠦᠷᠪᠡ ᠶᠢ ᠪᠠᠲᠤᠯᠠᠬᠤ᠂ ᠲᠠᠪᠤ ᠶᠢ ᠠᠭᠤᠰᠤᠯᠴᠠᠭᠤᠯᠬᠤ᠂ ᠲᠠᠪᠤ ᠶᠢ ᠳᠡᠭᠡᠭᠰᠢᠯᠡᠭᠦᠯᠬᠦ᠂ ᠲᠠᠪᠤ ᠶᠢ | ᠬᠠᠮᠢᠶᠠᠷᠠᠨ ᠬᠠᠮᠠᠭᠠᠯᠠᠬᠤ︾ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ︽ᠵᠢᠷᠤᠵᠤ ᠲᠥᠯᠥᠪᠯᠡᠬᠦ᠂ | ᠳᠠᠭᠠᠭᠠᠴᠢᠯᠠᠯᠲᠠ ᠵᠠᠷᠯᠠᠬᠤ᠂ ᠪᠦᠳᠦᠭᠡᠨ ᠪᠠᠶᠢᠭᠤᠯᠬᠤ᠂ ᠬᠠᠮᠢᠶᠠᠷᠤᠨ ᠡᠵᠡᠮᠳᠡᠬᠦ᠂ ᠬᠠᠮᠢᠶᠠᠷᠴᠤ ᠬᠠᠮᠠᠭᠠᠯᠠᠬᠤ ᠪᠠ | ᠤᠷᠳᠤ ᠬᠤᠭᠤᠴᠠᠭ᠎ᠠ ᠪᠠᠷ ᠪᠦᠲᠦᠮᠵᠢᠲᠡᠢ ᠠᠰᠢᠭᠯᠠᠬᠤ︾ ᠪᠦᠬᠦ ᠶᠠᠪᠤᠴᠠ ᠶᠢᠨ ︽ᠵᠠᠯᠠᠶᠢᠳ ᠤᠨ ᠵᠠᠭᠪᠤᠷ︾ ᠢ | ᠰᠦᠪᠡᠭᠴᠢᠯᠡᠨ ᠦᠢᠯᠡᠳᠦᠯᠭᠡᠵᠢᠭᠦᠯᠵᠡᠢ᠃ | ︽ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭᠠᠬᠢ ᠲᠠᠷᠢᠶᠠᠨ ᠭᠠᠵᠠᠷ ᠤᠨ ᠤᠰᠤᠯᠠᠯᠲᠠ ᠶᠢᠨ | ᠴᠢᠳᠠᠪᠤᠷᠢ ᠶᠢ ᠪᠦᠲᠦᠮᠵᠢᠲᠡᠶ ᠰᠠᠶᠢᠵᠢᠷᠠᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠠᠮᠤ ᠪᠤᠳᠠᠭᠠᠨ ᠤ ᠤᠨᠠᠯᠲᠠ ᠶᠢ 10%-20% ᠪᠠᠷ ᠨᠡᠮᠡᠭᠳᠡᠭᠦᠯᠵᠦ | ᠂ ᠮᠥ ᠪᠦᠷᠢ ᠶᠢᠨ ᠠᠮᠤ ᠪᠤᠳᠠᠭᠠᠨ ᠤ ᠤᠨᠠᠯᠲᠠ ᠶᠢ 200 ᠵᠢᠩ ᠣᠷᠴᠢᠮ ᠳᠡᠭᠡᠭᠰᠢᠯᠡᠭᠦᠯᠬᠦ ᠶᠢᠨ ᠬᠠᠮᠲᠤ ᠪᠠᠰᠠ | ᠲᠠᠷᠢᠶᠠᠨ ᠭᠠᠵᠠᠷ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠳᠥᠷᠪᠡ ᠶᠢ ᠠᠷᠪᠢᠯᠠᠨ ᠭᠠᠮᠨᠠᠬᠤ ᠶᠢ | ᠪᠡᠶᠡᠯᠡᠭᠦᠯᠵᠦ᠂ ᠲᠠᠷᠢᠶᠠᠨ ᠭᠠᠵᠠᠷ ᠤᠨ ᠲᠠᠯᠠᠪᠠᠶ ᠶᠢ ᠨᠡᠮᠡᠭᠳᠡᠭᠦᠯᠪᠡ᠃ ᠲᠠᠷᠠᠭᠠᠴᠢ ᠶᠢᠨ ᠠᠯᠬᠤᠮ ᠳᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠬᠦ ᠣᠷᠣᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠭᠦᠢᠴᠡᠳᠭᠡᠯ ᠲᠤᠭ᠎ᠠ ᠶᠢ ᠴᠢᠨᠠᠷ | ᠰᠠᠶᠢᠲᠠᠶ ᠪᠡᠶᠡᠯᠡᠭᠦᠯᠦᠨ᠎ᠡ︾ ᠭᠡᠵᠦ ᠵᠠᠯᠠᠶᠢᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶᠠᠨ ᠤ ᠳᠡᠳ᠋ ᠳᠠᠷᠤᠭ᠎ᠠ ᠰᠢᠤᠸᠠᠢ ᠬᠠᠢ ᠬᠡᠯᠡᠵᠡᠶ᠃ | ︽ᠡᠨᠡ ᠤᠳᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢᠶᠠᠷ ᠳᠡᠮᠵᠢᠨ᠂ ᠮᠠᠨ ᠤ ᠭᠠᠵᠠᠷ ᠰᠢᠷᠣᠶ ᠨᠢ ᠪᠠᠰᠠ ᠳᠥᠷᠪᠡᠯᠵᠢᠨ ᠲᠠᠷᠢᠶ᠎ᠠ ᠪᠣᠯᠵᠣ᠂ ᠲᠠᠷᠢᠶ᠎ᠠ ᠳᠠᠷᠢᠬᠤ ᠳᠤ ᠴᠦ | ᠠᠮᠠᠷᠬᠠᠨ ᠪᠣᠯᠵᠠᠢ︾ ᠭᠡᠵᠦ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤᠨ ᠤ ᠴᠠᠩ ᠹᠠ ᠲᠣᠰᠬᠤᠨ ᠤ ᠠᠷᠠᠳ | ᠭᠦᠸᠧ ᡁᠢ ᠪᠢᠨ ᠬᠡᠯᠡᠪᠡ᠃ | ᠲᠥᠷᠥᠯ ᠵᠤᠶᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠲᠠᠷᠢᠶᠠᠨ ᠭᠠᠵᠠᠷ ᠤᠨ ᠢᠳᠡᠭᠳᠡᠯ ᠤᠨ ᠭᠤᠤ ᠵᠢᠯᠠᠭ᠎ᠠ ᠶᠢ | ᠪᠦᠲᠦᠮᠵᠢᠲᠡᠶ ᠵᠠᠰᠠᠵᠤ᠂ ᠬᠥᠷᠥᠰᠥ ᠰᠢᠷᠣᠶ ᠶᠢᠨ ᠢᠳᠡᠭᠳᠡᠯ ᠢ ᠪᠦᠲᠦᠮᠵᠢᠲᠡᠶ ᠬᠢᠵᠠᠭᠠᠷᠯᠠᠨ᠂ ᠲᠠᠷᠢᠶᠠᠨ ᠭᠠᠵᠠᠷ ᠤᠨ | ᠵᠠᠮ ᠨᠡᠪᠲᠡᠷᠡᠯᠭᠡ ᠶᠢᠨ ᠨᠣᠷᠮ᠎ᠠ ᠶᠢ 95% ᠠᠴᠠ ᠳᠡᠭᠡᠭᠰᠢ᠂ ᠴᠠᠬᠢᠯᠭᠠᠨ ᠬᠦᠴᠦᠨ ᠤ ᠪᠡᠯᠡᠳᠬᠡᠮᠵᠢ ᠶᠢᠨ | ᠪᠦᠷᠬᠦᠴᠡ ᠶᠢᠨ ᠨᠣᠷᠮ᠎ᠠ ᠶᠢ 100% ᠳᠤ ᠬᠦᠷᠭᠡᠵᠦ᠂ ᠤᠰᠤ᠂ ᠴᠠᠬᠢᠯᠭᠠᠨ᠂ ᠵᠠᠮ᠂ ᠣᠶ ᠰᠢᠭᠤᠶ᠂ ᠰᠤᠪᠠᠭ ᠵᠡᠷᠭᠡ | ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢ ᠢᠯᠡᠳᠲᠡ ᠰᠠᠶᠢᠵᠢᠷᠠᠭᠤᠯᠵᠤ᠂ ᠤᠰᠤ ᠳᠤᠲᠠᠭᠳᠠᠵᠤ ᠪᠠᠶᠢᠭ᠎ᠠ | ᠣᠷᠣᠨ ᠤ ᠨᠠᠯᠠᠤ ᠲᠠᠷᠢᠶᠠᠨ ᠭᠠᠵᠠᠷ ᠤᠨ ᠤᠰᠤᠯᠠᠯᠲᠠ ᠶᠢᠨ ᠴᠢᠳᠠᠪᠤᠷᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ | ᠲᠠᠷᠢᠶᠠᠨ ᠭᠠᠵᠠᠷ ᠤᠨ ᠪᠠᠶᠢᠷᠢᠰᠢᠯ ᠢ ᠨᠠᠩ ᠵᠦᠶ ᠵᠣᠬᠢᠰᠲᠠᠶ ᠪᠣᠯᠭᠠᠵᠤ᠂ ᠶᠡᠭᠡ ᠬᠡᠪᠴᠢᠶᠡᠨ ᠤ ᠮᠠᠰᠢᠨᠴᠢᠯᠠᠨ | ᠠᠵᠢᠯᠯᠠᠬᠤ ᠳᠤ ᠨᠠᠩ ᠠᠰᠢᠭᠲᠠᠶ ᠪᠤᠯᠭᠠᠨ᠎ᠠ᠃ ᠲᠥᠷᠥᠯ ᠵᠦᠢᠯ ᠤᠨ ᠣᠷᠣᠨ ᠤ ᠡᠷᠳᠡᠨᠢ ᠰᠢᠰᠢ᠂ ᠤᠰᠤᠨ | ᠲᠤᠲᠤᠷᠭ᠎ᠠ ᠶᠢᠨ ᠮᠦ ᠪᠦᠷᠢ ᠶᠢᠨ ᠳᠤᠮᠳᠠᠴᠢ ᠤᠨᠠᠯᠲᠠ ᠳᠤᠮᠳᠠᠴᠢ ᠪᠠᠷ 55 ᠺᠢᠯᠣᠭ᠍ᠷᠠᠮ ᠠᠴᠠ ᠳᠡᠭᠡᠭᠰᠢ ᠨᠡᠮᠡᠭᠳᠡᠭᠦᠯᠵᠦ | ᠂ ᠠᠮᠤ ᠪᠤᠳᠠᠭᠠᠨ ᠤ ᠤᠨᠠᠯᠲᠠ 4.68 ᠳ᠋ᠦᠩᠰᠢᠭᠤᠷ ᠵᠢᠩ ᠢᠶᠠᠷ ᠨᠡᠮᠡᠭᠳᠡᠭᠦᠯᠦᠨ᠂ ᠮᠦ ᠪᠦᠷᠢ ᠶᠢᠨ ᠥᠪᠡᠷ ᠤᠨ | ᠥᠷᠲᠡᠭ ᠢ ᠠᠷᠪᠢᠯᠠᠨ ᠦᠷ᠎ᠡ ᠠᠰᠢᠭ ᠢ 200 ᠲᠥᠭᠦᠷᠢᠭ ᠠᠴᠠ ᠳᠡᠭᠡᠭᠰᠢ ᠨᠡᠮᠡᠭᠳᠡᠭᠦᠯᠵᠦ᠂ ᠠᠮᠤ ᠪᠤᠳᠠᠭᠠᠨ ᠤ ᠠᠮᠤᠷ | ᠲᠦᠪᠰᠢᠨ ᠤ ᠰᠠᠭᠤᠷᠢ ᠶᠢ ᠪᠠᠬᠢᠵᠢᠭᠦᠯᠵᠦ᠂ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠠᠰᠢᠭᠲᠠᠶ ᠶᠤᠮ | ᠃ |