︽ᠵᠠᠯᠠᠶᠢᠳ ᠬᠤᠰᠢᠭᠤ ᠲᠠᠪᠤᠨ ᠡᠮᠴᠢᠯᠡᠭᠡᠨ ᠤ ᠬᠤᠯᠪᠤᠭᠠᠯᠠᠨ ᠬᠥᠳᠡᠯᠦᠯᠴᠡᠬᠦ︾ ᠪᠦᠯᠬᠦᠮ ᠭᠡᠷ᠎ᠡ ᠲᠣᠭᠲᠠᠬᠤ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ ᠦᠨᠳᠦᠰᠦᠨ ᠱᠠᠲᠤᠨ ᠤ ᠡᠮᠴᠢᠯᠡᠭᠡ ᠪᠠ ᠰᠡᠷᠭᠡᠶᠢᠯᠡᠯᠲᠡ ᠶᠢᠨ ᠠᠭᠤᠰᠤᠯᠴᠠᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/26
      ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠤᠨ ᠹᠧᠩ ᠴᠠᠨ ᠲᠣᠰᠬᠤᠨ ᠤ ᠰᠠᠭᠤᠭᠠᠯᠢ ᠠᠷᠠᠳ ᠱᠤᠤ ᠢᠦᠢ ᠲᠢᠩ  ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠠᠴᠠ ᠥᠩᠭᠡᠷᠡᠭᠰᠡᠨ ᠳᠤ ᠲᠣᠯᠣᠭᠠᠢ ᠨᠢ ᠡᠪᠡᠳᠴᠦ ᠬᠠᠯᠠᠭᠤᠷᠠᠭᠰᠠᠭᠠᠷ ᠡᠮᠨᠡᠯᠭᠡ ᠳᠤ ᠣᠴᠢᠬᠤ ᠴᠢᠬᠤᠯᠠᠲᠠᠢ ᠪᠠᠶᠢᠵᠠᠢ᠃ ᠤᠳᠤ ᠭᠡᠷ ᠲᠡᠭᠡᠨ ᠰᠠᠭᠤᠵᠦ ᠲᠣᠰᠬᠤᠨ ᠤ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠦᠭᠰᠡᠨ ᠡᠷᠡᠭᠦᠯ ᠮᠡᠨᠳᠦ ᠶᠢᠨ ᠦᠢᠯᠡᠴᠢᠯᠡᠭᠡ ᠶᠢ ᠬᠦᠷᠳᠡᠬᠦ ᠪᠤᠯᠵᠠᠢ᠃     ︽ᠮᠢᠨᠤ ᠦᠵᠡᠬᠦ ᠪᠠᠷ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠤᠨ ᠦᠢᠯᠡᠴᠢᠯᠡᠭᠡ ᠮᠠᠰᠢ ᠰᠠᠶᠢᠨ᠂  ᠪᠡᠶ᠎ᠡ ᠪᠠᠭᠠᠬᠠᠨ ᠡᠪ ᠦᠭᠡᠢ ᠪᠤᠯᠪᠠᠯ  ᠴᠢᠮᠡᠭᠡ ᠶᠢ ᠲᠣᠰᠣᠮᠠᠭᠴᠠ ᠭᠡᠷ ᠲᠤ ᠢᠷᠡᠵᠦ ᠡᠪᠡᠳᠴᠢᠨ ᠦᠵᠡᠵᠦ ᠦᠭᠳᠡᠭ︾ ᠭᠡᠵᠦ ᠱᠤᠤ ᠢᠦᠢ ᠲᠢᠩ ᠪᠠᠶᠠᠷᠲᠠᠶᠢᠬᠠᠨ ᠬᠡᠯᠡᠨ᠎ᠡ᠃     ᠬᠤᠰᠢᠭᠤ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠶᠢᠨ ᠲᠦᠯᠦᠭᠡ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠡᠮᠴᠢᠯᠡᠭᠡ᠂ ᠦᠨᠳᠦᠰᠦᠨ ᠨᠡᠶᠢᠲᠡ ᠶᠢᠨ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢ ᠠᠬᠢᠭᠤᠯᠬᠤ ᠠᠵᠢᠯ ᠢ ᠬᠦᠴᠦᠲᠡᠢ  ᠠᠬᠢᠭᠤᠯᠬᠤ ᠶᠢᠨ ᠲᠦᠯᠦᠭᠡ᠂ ᠵᠠᠯᠠᠶᠢᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠣᠭᠲᠠᠴᠠ ᠶᠢᠨ ᠪᠠᠶᠢᠭᠤᠯᠤᠯᠲᠠ᠂ ᠠᠵᠢᠯ ᠤᠨ ᠦᠢᠯᠡᠴᠢᠯᠡᠭᠡ᠂ ᠠᠵᠢᠯᠲᠠᠨ ᠢ ᠨᠡᠶᠢᠯᠡᠭᠦᠯᠬᠦ ᠵᠡᠷᠭᠡ ᠲᠠᠯ᠎ᠠ ᠪᠠᠷ ᠢᠳᠡᠪᠬᠢᠲᠡᠢ ᠰᠦᠪᠡᠭᠴᠢᠯᠡᠵᠦ᠂ ︽1+3+1︾ ︵ᠳᠠᠷᠤᠢ ᠨᠢᠭᠡ ᠭᠡᠷ ᠪᠦᠯᠢ ᠶᠢᠨ ᠡᠮᠴᠢ ᠶᠢᠨ ᠪᠦᠯᠬᠦᠮ᠂ ︽ᠭᠤᠷᠪᠠᠳᠤᠭᠠᠷ ᠳᠡᠰ ᠤᠨ ᠡᠮᠴᠢ︾ ᠬᠠᠮᠵᠢᠯᠴᠠᠨ᠂ ᠨᠢᠭᠡ ᠪᠦᠯᠦᠭ ᠬᠠᠪᠰᠤᠷᠤᠨ ᠲᠡᠳᠬᠦᠬᠦ ᠪᠠᠷ ᠪᠡᠭᠡᠵᠢᠩ ᠠᠴᠠ ᠢᠷᠡᠭᠰᠡᠨ ᠡᠮᠴᠢ︶ ᠭᠡᠷ᠎ᠡ ᠲᠣᠭᠲᠠᠬᠤ ᠦᠢᠯᠡᠴᠢᠯᠡᠭᠡᠨ ᠤ ᠵᠠᠭᠪᠤᠷ ᠢ ᠶᠡᠬᠡᠪᠡᠷ ᠬᠡᠷᠡᠭᠵᠢᠭᠦᠯᠵᠦ᠂ ᠣᠯᠠᠨ ᠲᠦᠮᠡᠨ ᠤ ᠣᠯᠠᠨ ᠶᠠᠩᠵᠤ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠦᠢᠯᠡᠴᠢᠯᠡᠭᠡᠨ ᠤ ᠬᠦᠷᠲᠡᠮᠵᠢ ᠶᠢᠨ ᠲᠥᠷᠥᠭᠳᠡᠯ ᠢ  ᠳᠡᠭᠡᠭᠰᠢᠯᠡᠭᠦᠯᠪᠠ᠃            ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠣᠯᠠᠨ ᠲᠦᠮᠡᠨ ᠤ            ᠭᠡᠷ ᠲᠤ ᠨᠢ ᠬᠦᠷᠴᠦ ᠡᠷᠡᠭᠦᠯ ᠮᠡᠨᠳᠦ ᠶᠢᠨ ᠦᠢᠯᠡᠴᠢᠯᠡᠭᠡ ᠶᠢ  ᠬᠦᠷᠲᠡᠭᠡᠨ᠎ᠡ     ︿︿ᠡᠪᠦᠭᠡ ᠠ᠋᠂ ᠥᠨᠥᠳᠥᠷ ᠪᠡᠶ᠎ᠡ ᠶᠢᠨ ᠪᠠᠶᠢᠳᠠᠯ ᠴᠢᠨᠢ ᠶᠠᠮᠠᠷ ᠵᠡᠷᠭᠡ ᠪᠠᠶᠢᠨ᠎ᠠ︖︾ ᠭᠡᠵᠦ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠰᠢᠨ ᠱᠧᠩ ᠲᠣᠰᠬᠤᠨ ᠳᠤ ᠭᠡᠷ ᠪᠦᠯᠢ ᠶᠢᠨ ᠡᠮᠴᠢ ᠶᠢᠨ ᠪᠦᠯᠬᠦᠮ ᠤᠨ ᠡᠮᠴᠢ ᠬᠥᠩ ᠬᠦᠶ ᠯᠢᠩ ᠰᠠᠭᠤᠭᠠᠯᠢ ᠠᠷᠠᠳ ᠤᠨ ᠪᠡᠶ᠎ᠡ ᠶᠢ ᠪᠠᠶᠢᠴᠠᠭᠠᠵᠤ ᠪᠠᠶᠢᠨ᠎ᠠ᠃ ᠭᠧᠩ ᠸᠧᠨ ᠢ ᠨᠠᠰᠤᠲᠠᠨ ᠤ ᠴᠢᠰᠤᠨ ᠳᠠᠷᠤᠯᠲᠠ ᠥᠨᠳᠥᠷ᠂ ᠵᠢᠷᠦᠬᠡᠨ ᠲᠢᠲᠢᠮ ᠤᠨ ᠡᠪᠡᠳᠴᠢᠨ ᠲᠠᠢ᠂ ᠬᠥᠩ ᠬᠦᠶ ᠯᠢᠩ ᠡᠮᠴᠢ ᠲᠡᠭᠦᠨ ᠢ ᠣᠨᠴᠠᠭᠠᠶ ᠠᠩᠬᠠᠷᠴᠤ᠂ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠪᠡᠶ᠎ᠡ ᠶᠢᠨ ᠪᠠᠶᠢᠴᠠᠭᠠᠯᠲᠠ ᠬᠢᠬᠦ ᠠᠴᠠ ᠭᠠᠳᠠᠨ᠎ᠠ ᠪᠠᠰᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠲᠡᠭᠦᠨ ᠤ  ᠶᠠᠪᠤᠳᠠᠯ ᠮᠦᠷ ᠢ ᠠᠩᠬᠠᠷᠴᠦ᠂ ᠡᠮ ᠤᠨ ᠬᠡᠮᠵᠢᠶ᠎ᠡ ᠶᠢ ᠨᠢ ᠲᠣᠬᠢᠷᠠᠭᠤᠯᠵᠤ ᠥᠭᠲᠡᠭ᠃     ︽ᠪᠢ ᠡᠨᠡ ᠵᠢᠯ 80  ᠬᠦᠷᠴᠠᠢ᠂ ᠤᠤᠯ ᠨᠢ ᠴᠥᠮ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠣᠴᠢᠵᠤ ᠴᠢᠰᠤᠨ ᠳᠠᠷᠤᠯᠲᠠ ᠪᠠᠨ ᠬᠡᠮᠵᠢᠵᠦ ᠪᠠᠶᠢᠭᠰᠠᠨ᠂ ᠤᠳᠤ ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠭᠰᠠᠨ ᠠᠴᠠ ᠨᠠᠰᠢ᠂ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠤᠨ ᠡᠮᠴᠢ ᠭᠡᠷ ᠲᠤ ᠢᠷᠡᠵᠦ᠂ ᠪᠡᠶ᠎ᠡ ᠶᠢᠨ ᠪᠠᠶᠢᠴᠠᠭᠠᠯᠲᠠ ᠬᠢᠵᠦ ᠦᠭᠭᠦ  ᠪᠤᠯᠤᠭᠰᠠᠨ ᠪᠠᠶᠢᠨ᠎ᠠ︾ ᠭᠡᠵᠦ ᠭᠧᠩ ᠸᠧᠨ ᠢ ᠨᠠᠰᠤᠲᠠᠨ ᠬᠡᠯᠡᠪᠡ᠃     ᠭᠡᠷ᠎ᠡ ᠲᠣᠭᠲᠠᠨ ᠦᠢᠯᠡᠴᠢᠯᠡᠬᠦ ᠠᠵᠢᠯ ᠢᠶᠠᠨ ᠰᠠᠶᠢᠲᠤᠷ ᠬᠢᠬᠦ ᠶᠢᠨ ᠲᠥᠯᠥᠭᠡ᠂ ᠵᠠᠯᠠᠶᠢᠳ ᠬᠤᠰᠢᠭᠤᠨ ᠤ ᠬᠢᠨ ᠬᠤᠰᠢᠭᠤᠨ ᠲᠠᠰ ᠤᠨ ᠡᠮᠨᠡᠯᠭᠡ ᠶᠢᠨ ᠬᠤᠷᠢᠶᠠᠨ ᠤ ᠭᠤᠣᠯᠯᠠᠭᠴᠢ ᠡᠮᠴᠢ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠶᠡᠷᠦᠩᠬᠡᠢ ᠰᠠᠯᠠᠭᠠᠨ ᠤ ᠡᠮᠴᠢ ᠪᠣᠯᠣᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠬᠥᠳᠡᠭᠡ ᠲᠣᠰᠬᠤᠨ ᠤ ᠡᠮᠴᠢ ᠪᠠᠷ ᠭᠤᠣᠯ ᠴᠣᠭᠴᠠ ᠪᠣᠯᠭᠠᠭᠰᠠᠨ 232 ᠭᠡᠷ ᠪᠦᠯᠢ ᠶᠢᠨ ᠡᠮᠴᠢ ᠶᠢᠨ ᠪᠦᠯᠬᠦᠮ ᠢ ᠵᠣᠬᠢᠶᠠᠨ ᠪᠠᠶᠢᠭᠤᠯᠤᠭᠠᠳ ᠤᠳᠤ ᠨᠡᠶᠢᠲᠡ 330 ᠭᠡᠷ ᠪᠦᠯᠢ ᠶᠢᠨ ᠡᠮᠴᠢ ᠲᠠᠢ ᠪᠣᠯᠵᠠᠢ᠃ ᠭᠤᠣᠯᠳᠠᠭᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠲᠡᠨ ᠳᠤ ᠦᠢᠯᠡᠴᠢᠯᠡᠭᠡ ᠬᠠᠩᠭᠠᠵᠦ ᠪᠤᠢ᠃ ᠦᠢᠯᠡᠴᠢᠯᠡᠭᠡᠨ ᠤ ᠠᠭᠤᠯᠭ᠎ᠠ ᠳᠤ ᠦᠨᠳᠦᠰᠦᠨ ᠡᠮ ᠡᠮᠨᠡᠯᠭᠡ  ᠂  ᠦᠨᠳᠦᠰᠦᠨ ᠨᠡᠶᠢᠲᠡ ᠶᠢᠨ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠶᠢ ᠪᠠᠭᠲᠠᠭᠠᠨ᠎ᠠ᠃ ᠣᠲᠣ ᠪᠣᠯᠲᠠᠯ᠎ᠠ᠂ ᠨᠢᠭᠡᠨᠲᠡ ᠪᠠᠶᠢᠩᠭᠤ ᠰᠠᠭᠤᠭ᠎ᠠ  234552 ᠬᠦᠮᠦᠨ ᠭᠡᠷ᠎ᠡ ᠲᠤᠭᠲᠠᠵᠦ᠂ ᠰᠠᠭᠤᠭᠠᠯᠢ ᠠᠷᠠᠳ ᠤᠨ ᠭᠡᠷ᠎ᠡ ᠲᠣᠭᠲᠠᠭᠰᠠᠨ  ᠨᠣᠷᠮ᠎ᠠ 75.22% ᠳᠤ ᠬᠥᠷᠪᠡ᠃ ᠡᠭᠦᠨ ᠳᠤ᠂ ᠭᠤᠣᠯᠳᠠᠯᠭ᠎ᠠ ᠲᠠᠢ ᠬᠥᠮᠥᠰ ᠤᠨ ᠭᠡᠷ᠎ᠡ ᠲᠣᠭᠲᠠᠭᠰᠠᠨ ᠬᠥᠮᠥᠨ 184092 ᠪᠠᠶᠢᠵᠤ᠂ ᠭᠤᠣᠯᠳᠠᠯᠭ᠎ᠠ ᠲᠠᠢ ᠬᠥᠮᠥᠰ ᠤᠨ ᠭᠡᠷ᠎ᠡ ᠲᠣᠭᠲᠠᠭᠰᠠᠨ ᠨᠣᠷᠮ᠎ᠠ 88.71% ᠳᠤ ᠬᠦᠷᠴᠡᠢ᠃  ᠤᠳᠤᠬᠠᠨ ᠳᠤ ᠭᠡᠷ ᠪᠦᠯᠢ ᠶᠢᠨ ᠡᠮᠴᠢ ᠪᠦᠯᠬᠦᠮ ᠤᠨ ᠬᠡᠯᠪᠡᠷᠢ ᠪᠠᠷ ᠦᠢᠯᠡᠴᠢᠯᠡᠭᠡ ᠥᠷᠨᠢᠭᠦᠯᠵᠦ᠂ ᠥᠷᠭᠡᠨ ᠣᠯᠠᠨ ᠳᠤ ᠨᠠᠩ ᠳᠥᠭᠦᠮ ᠳᠥᠲᠡ᠂ ᠦᠷᠭᠦᠯᠵᠢᠯᠡᠭᠰᠡᠨ᠂ ᠶᠡᠷᠦᠩᠬᠡᠶᠢᠯᠡᠭᠰᠡᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠬᠦᠷᠲᠡᠭᠡᠭᠰᠡᠨ ᠪᠠᠶᠢᠨ᠎ᠠ᠃            ︽ᠭᠤᠷᠪᠠᠳᠤᠭᠠᠷ ᠳᠡᠰ ᠤᠨ ᠡᠮᠴᠢ︾ ᠬᠠᠮᠵᠢᠯᠴᠠᠨ ᠣᠨᠣᠰᠢᠯᠠᠨ ᠡᠮᠴᠢᠯᠡᠭᠰᠡᠨ ᠠᠴᠠ            ᠦᠢᠯᠡᠴᠢᠯᠡᠬᠦ ᠠᠵᠢᠯ ᠳᠤ ᠨᠡᠩ ᠳᠥᠭᠦᠮ ᠨᠦᠭᠦᠴᠡᠯ ᠬᠠᠩᠭᠠᠨ᠎ᠠ      ᠣᠶᠢᠷ᠎ᠠ ᠳᠤ᠂ ᠪᠠᠶᠠᠨᠭᠤᠣᠯ ᠪᠠᠯᠭᠠᠰᠤᠨ ᠤ ᠪᠠᠶᠠᠨᠭᠤᠣᠯ ᠲᠣᠰᠬᠤᠨ ᠤ ᠡᠮᠴᠢ᠂ ᠲᠣᠰᠬᠤᠨ ᠤ ᠰᠦᠨ ᠣᠪᠣᠭᠲᠤ ᠶᠢᠨ ᠭᠡᠷ ᠲᠤ ᠬᠦᠷᠴᠦ ᠡᠷᠡᠭᠦᠯ ᠮᠡᠨᠳᠦ ᠶᠢᠨ ᠵᠢᠯᠣᠭᠤᠳᠤᠯᠭ᠎ᠠ ᠬᠢᠬᠦ ᠦᠶ᠎ᠡ ᠳᠤ᠂ ᠰᠦᠨ ᠣᠪᠣᠭᠲᠤ ᠶᠢᠨ ᠬᠥᠭᠰᠢᠨ ᠤ ᠵᠢᠷᠦᠬᠡ ᠨᠢ ᠲᠦᠭᠰᠢᠵᠦ᠂ ᠠᠮᠢᠰᠬᠤᠯ ᠨᠢ ᠴᠢᠬᠤᠯᠳᠠᠵᠤ ᠪᠠᠶᠢᠬᠤ ᠶᠢ ᠣᠯᠵᠤ ᠮᠡᠳᠡᠭᠡᠳ ᠲᠡᠷᠡ ᠳᠠᠷᠤᠢ  ᠳᠤᠨᠢ ᠡᠮᠨᠡᠯᠭᠡ ᠳᠤ  ᠰᠢᠯᠵᠢᠭᠦᠯᠵᠦ ᠡᠮᠨᠡᠭᠦᠯᠬᠦ ᠶᠢ ᠰᠠᠨᠠᠭᠤᠯᠪᠠ᠃      ︽ᠠᠵᠠ ᠪᠠᠷ ᠲᠣᠰᠬᠤᠨ ᠤ ᠡᠮᠴᠢ ᠶᠢᠨ ᠳᠤᠷᠠᠳᠤᠭᠰᠠᠨ ᠰᠠᠨᠠᠭᠤᠯᠭ᠎ᠠ ᠶᠢ ᠰᠣᠨᠣᠰᠤᠭᠠᠳ ᠪᠠᠶᠠᠨᠭᠤᠣᠯ ᠤᠨ ᠡᠷᠡᠭᠦᠯ ᠬᠠᠮᠠᠭᠠᠯᠠᠯ ᠤᠨ ᠬᠤᠷᠢᠶᠠᠨ ᠤ ᠲᠦᠷᠭᠡᠨ ᠡᠮᠨᠡᠯᠭᠡ ᠶᠢᠨ ᠲᠦᠷᠭᠡᠨ ᠠᠪᠤᠷᠠᠯᠳᠠ ᠶᠢᠨ ᠬᠤᠪᠢᠶᠠᠷᠢ ᠲᠥᠪ ᠲᠤ ᠤᠴᠢᠵᠠᠢ᠂ ᠲᠡᠶᠢᠮᠦ ᠪᠢᠰᠢ ᠪᠣᠯ ᠶᠠᠮᠠᠷ ᠪᠤᠯᠬᠤ ᠶᠢ ᠲᠦᠰᠦᠭᠡᠯᠡᠬᠦ ᠶᠢᠨ ᠠᠷᠭ᠎ᠠ ᠦᠭᠡᠢ  ︾  ᠭᠡᠵᠦ ᠰᠦᠨ ᠣᠪᠣᠭᠲᠤ ᠠᠶᠢᠳᠠᠰ   ᠲᠠᠢ ᠶᠠᠷᠢᠯ᠎ᠠ᠃ ᠰᠦᠨ ᠣᠪᠣᠭᠲᠤ ᠶᠢᠨ ᠬᠥᠭᠰᠢᠨ ᠨᠢ ᠵᠢᠷᠦᠬᠡ ᠨᠢ ᠲᠦᠭᠰᠢᠵᠦ᠂ ᠠᠮᠢᠰᠬᠤᠯ ᠨᠢ ᠴᠢᠬᠤᠯᠳᠠᠭᠠᠳ 50 ᠮᠢᠨᠦ᠋ᠲ ᠰᠢᠬᠠᠮ ᠪᠣᠯᠣᠭᠠᠳ ᠪᠠᠶᠠᠨᠭᠤᠣᠯ ᠤᠨ ᠡᠷᠡᠭᠦᠯ ᠬᠠᠮᠠᠭᠠᠯᠠᠯ ᠤᠨ ᠬᠤᠷᠢᠶᠠᠨ ᠳᠤ ᠬᠦᠷᠴᠦ ᠡᠮᠨᠡᠭᠦᠯᠪᠡ᠃ ᠵᠢᠵᠢᠭᠦᠷ ᠤᠨ ᠡᠮᠴᠢ ᠡᠪᠡᠳᠴᠢᠨ ᠤ ᠲᠡᠦᠬᠡ  ᠶᠢ ᠨᠢ ᠯᠠᠪᠯᠠᠨ ᠠᠰᠠᠭᠤᠵᠤ᠂ ᠵᠢᠷᠦᠬᠡᠨ ᠤ ᠯᠤᠭᠰᠢᠯᠲᠠ ᠶᠢᠨ ᠵᠢᠷᠤᠭ ᠲᠠᠢ ᠤᠶᠠᠯᠳᠤᠭᠤᠯᠤᠨ᠂ ᠠᠩᠬ᠎ᠠ ᠠᠯᠬᠤᠮ ᠤᠨ ᠣᠨᠣᠰᠢᠯᠠᠯᠲᠠ  ᠬᠢᠵᠠᠢ᠃ ᠪᠠᠷᠤᠭ 30 ᠮᠢᠨᠦ᠋ᠲ ᠤᠨ ᠳᠠᠷᠠᠭ᠎ᠠ ᠡᠪᠡᠳᠴᠢᠨ ᠤ ᠪᠠᠶᠢᠳᠠᠯ ᠨᠢ ᠨᠠᠮᠳᠠᠭᠰᠠᠨ ᠪᠤᠯᠪᠠᠴᠦ ᠡᠪᠡᠳᠴᠢᠲᠡᠨ ᠤ ᠪᠡᠶ᠎ᠡ ᠮᠥᠨ ᠯᠡ ᠵᠢᠭᠠᠬᠠᠨ ᠡᠪ ᠦᠭᠡᠢ ᠪᠠᠶᠢᠯ᠎ᠠ᠃ ᠤᠯᠠᠮ ᠨᠢᠭᠡ ᠠᠯᠬᠤᠮ ᠡᠮᠨᠡᠨ ᠵᠠᠰᠠᠬᠤ ᠶᠢᠨ ᠲᠥᠯᠥᠭᠡ ᠵᠢᠵᠢᠭᠦᠷ ᠤᠨ ᠡᠮᠴᠢ ᠳᠠᠷᠤᠶᠢᠬᠠᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠦᠷᠭᠡᠨ ᠠᠪᠤᠷᠠᠯᠳᠠ ᠶᠢᠨ ᠲᠥᠪ 120 ᠲᠠᠢ ᠬᠠᠷᠢᠯᠴᠠᠵᠤ᠂ ᠬᠤᠶᠠᠷ ᠡᠮᠨᠡᠯᠭᠡ ᠶᠢᠨ ᠬᠤᠷᠢᠶ᠎ᠠ ᠶᠢᠨ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠠᠵᠢᠯ ᠢ ᠰᠠᠶᠢᠲᠤᠷ ᠬᠢᠵᠦ᠂ ᠡᠪᠡᠳᠴᠢᠲᠡᠨ ᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠨᠡᠬᠦ ᠰᠠᠯᠠᠭ᠎ᠠ ᠳᠤ ᠰᠢᠯᠵᠢᠭᠦᠯᠦᠨ ᠡᠮᠨᠡᠭᠦᠯᠵᠦ᠂ ᠤᠯᠠᠮ ᠨᠢᠭᠡ ᠠᠯᠬᠤᠮ ᠡᠮᠨᠡᠨ ᠵᠠᠰᠠᠭᠰᠠᠨ ᠤ ᠳᠠᠷᠠᠭ᠎ᠠ ᠡᠪᠡᠳᠴᠢᠲᠡᠨ ᠤ ᠡᠪᠡᠳᠴᠢᠨ ᠤ ᠪᠠᠶᠢᠳᠠᠯ ᠨᠢ ᠨᠠᠮᠳᠠᠵᠠᠢ᠃ ︽ᠪᠢᠳᠡ ᠳᠠᠷᠤᠢ ᠲᠦᠷᠭᠡᠨ ᠡᠮᠨᠡᠯᠭᠡ ᠰᠢᠯᠵᠢᠭᠦᠯᠬᠦ ᠵᠠᠮ ᠢ ᠨᠡᠭᠡᠭᠡᠵᠦ᠂ ᠡᠪᠡᠳᠴᠢᠲᠡᠨ ᠳᠤ ᠨᠣᠮᠧᠷ᠂ ᠣᠷᠣ ᠵᠡᠷᠭᠡ   ᠶᠢ ᠤᠷᠢᠳᠴᠢᠯᠠᠨ ᠦᠯᠡᠳᠡᠭᠡᠵᠦ ᠥᠭᠭᠦᠭᠰᠡᠨ ᠪᠥᠭᠡᠳ ︿ᠡᠮᠴᠢᠯᠡᠭᠡᠨ ᠤ ᠬᠠᠮᠲᠤ ᠶᠢᠨ ᠴᠣᠭᠴᠠ﹀ ᠶᠢᠨ ᠲᠠᠪᠴᠠᠩ ᠢᠶᠠᠷ ᠳᠠᠮᠵᠢᠭᠤᠯᠤᠨ ᠵᠢᠷᠦᠬᠡᠨ ᠤ ᠯᠤᠭᠰᠢᠯᠲᠠ ᠶᠢᠨ ᠵᠢᠷᠤᠭ ᠢ ᠠᠯᠤᠰ ᠬᠤᠯᠠ ᠠᠴᠠ ᠳᠠᠮᠵᠢᠭᠤᠯᠵᠠᠢ᠂ ᠡᠭᠦᠨ ᠳᠤ ᠡᠪᠡᠳᠴᠢᠲᠡᠨ ᠡᠮᠨᠡᠯᠭᠡ ᠶᠢᠨ ᠬᠤᠷᠢᠶᠠᠨ ᠳᠤ ᠬᠦᠷᠴᠦ ᠢᠷᠡᠬᠦ ᠠᠴᠠ ᠡᠮᠦᠨ᠎ᠡ ᠮᠡᠳᠡᠭᠡ ᠵᠠᠩᠭᠢ   ᠶᠢ ᠤᠷᠢᠳᠠᠪᠠᠷ  ᠶᠠᠪᠤᠭᠤᠯᠵᠦ᠂ ᠡᠪᠡᠳᠴᠢᠲᠡᠨ ᠢ ᠲᠦᠷᠭᠡᠨ ᠢᠶᠠᠷ ᠡᠮᠨᠡᠯᠭᠡ ᠳᠤ ᠰᠢᠯᠵᠢᠭᠦᠯᠵᠦ ᠠᠪᠤᠷᠠᠨ ᠵᠠᠰᠠᠬᠤ ᠴᠠᠭ ᠢ ᠲᠤᠶᠢᠯ ᠤᠨ ᠶᠡᠭᠡ ᠪᠠᠷ ᠪᠣᠭᠤᠨᠢᠰᠬᠠᠵᠠᠢ︾ ᠭᠡᠵᠦ ᠲᠤᠰ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠡᠷᠬᠢᠯᠡᠭᠴᠢ ᠴᠠᠩ ᠭᠦᠸᠧ  ᠹᠧᠩ ᠬᠡᠯᠡᠪᠡ᠃      ᠣᠯᠠᠨ ᠲᠦᠮᠡᠨ ᠳᠤ ︽ᠲᠤᠰᠬᠠᠢ ᠮᠡᠷᠭᠡᠵᠢᠯᠲᠡᠨ ᠤ ᠲᠠᠰ︾ ᠤᠨ ᠦᠢᠯᠡᠴᠢᠯᠡᠭᠡ ᠶᠢ ᠬᠦᠷᠲᠡᠬᠦᠯᠬᠦ  ᠶᠢᠨ ᠲᠥᠯᠥᠭᠡ᠂ ᠵᠠᠯᠠᠶᠢᠳ ᠬᠤᠰᠢᠭᠤᠨ ᠤ ᠬᠢᠨ ︽ᠭᠤᠷᠪᠠᠳᠤᠭᠠᠷ  ᠳᠡᠰ ᠤᠨ ᠡᠮᠴᠢ︾ ᠬᠠᠮᠵᠢᠯᠴᠠᠨ ᠬᠠᠮᠲᠤᠷᠠᠨ ᠣᠨᠣᠰᠢᠯᠠᠬᠤ ᠠᠷᠭ᠎ᠠ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠡᠮᠴᠢ ᠠᠴᠠ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠬᠦᠷᠲᠡᠯ᠎ᠡ᠂ ᠳᠠᠬᠢᠭᠠᠳ ᠬᠤᠰᠢᠭᠤᠨ ᠤ ᠲᠠᠰ ᠤᠨ ᠡᠮᠴᠢᠯᠡᠭᠡᠨ ᠤ ᠪᠠᠶᠢᠭᠤᠯᠤᠮᠵᠢ ᠬᠦᠷᠲᠡᠯ᠎ᠡ᠂ ᠭᠤᠷᠪᠠᠳᠤᠭᠠᠷ ᠳᠡᠰ ᠤᠨ ᠡᠮᠴᠢ ᠶᠢ ᠵᠠᠪᠰᠠᠷ ᠦᠭᠡᠢ ᠵᠣᠯᠭᠠᠭᠤᠯᠵᠤ᠂ ᠥᠨᠳᠥᠷ ᠪᠦᠲᠦᠮᠵᠢᠲᠡᠶ ᠪᠠᠷ ᠬᠠᠮᠵᠢᠯᠴᠠᠨ᠂ ᠬᠠᠮᠲᠤᠷᠠᠨ ᠠᠪᠤᠷᠠᠯᠳᠠ ᠬᠢᠵᠦ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ ᠂ ᠦᠨᠳᠦᠰᠦᠨ ᠱᠠᠲᠤᠨ ᠤ ᠭᠡᠷ᠎ᠡ ᠲᠣᠭᠲᠠᠬᠤ ᠦᠢᠯᠡᠴᠢᠯᠡᠭᠡᠨ ᠤ ᠬᠦᠴᠦᠨ ᠢ ᠪᠤᠵᠠᠭᠠᠶᠢᠷᠠᠭᠤᠯᠪᠠ᠃          ᠪᠡᠭᠡᠵᠢᠩ   ᠤᠨ ᠡᠮᠴᠢ ᠠᠴᠠ ᠡᠮᠨᠡᠯᠭᠡ ᠶᠢᠨ ᠠᠩᠭᠢ ᠶᠢ ᠬᠠᠪᠰᠤᠷᠤᠨ ᠲᠡᠳᠭᠦᠨ᠎ᠡ       ᠣᠶᠢᠷ᠎ᠠ ᠳᠤ᠂ ᠪᠡᠭᠡᠵᠢᠩ ᠤᠨ ᠹᠧᠩᠲ᠋ᠠᠢ ᠲᠣᠭᠤᠷᠢᠭ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠡᠮᠴᠢᠯᠡᠭᠡᠨ ᠤ ᠬᠠᠪᠰᠤᠷᠤᠨ ᠲᠡᠳᠬᠦᠬᠦ ᠪᠦᠯᠬᠦᠮ ᠤᠨ ᠳᠠᠷᠤᠭ᠎ᠠ᠂ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠢᠭᠡᠳᠦᠭᠡᠷ ᠳᠠᠷᠤᠭ᠎ᠠ ᠵᠠᠩ ᠸᠧᠨ ᠲᠠᠢ ᠠᠭᠤᠯᠵᠠᠬᠤ ᠦᠶ᠎ᠡ ᠳᠤ᠂ ᠲᠡᠷᠡ ᠰᠠᠶ᠋ᠢᠬᠠᠨ ᠨᠢᠭᠡ ᠪᠢᠴᠢᠯ ᠰᠢᠷᠬᠠᠨ ᠤ ᠮᠡᠰᠡ ᠵᠠᠰᠠᠯ ᠬᠢᠵᠦ  ᠳᠠᠭᠤᠰᠬᠠᠭᠠᠳ ᠪᠠᠶᠢᠨ᠎ᠠ᠃ ᠡᠪᠡᠳᠴᠢᠲᠡᠨ ᠤ ᠬᠡᠦᠬᠡᠨ ᠬᠡᠪᠲᠡᠰᠢ ᠶᠢᠨ ᠳᠣᠲᠣᠷᠠᠬᠢ ᠵᠢᠷᠮᠦᠰᠦᠯᠡᠬᠦ ᠶᠢ ᠬᠤᠷᠢᠭᠯᠠᠬᠤ ᠪᠠᠭᠠᠵᠢ ᠨᠢ ᠳᠠᠪᠤᠰᠠᠩ ᠤᠨ ᠬᠡᠰᠡᠭ ᠲᠤ ᠰᠢᠯᠵᠢᠭᠡᠳ ᠴᠢᠯᠠᠭᠤᠰᠢᠷᠠᠯ ᠢ ᠪᠣᠢ ᠪᠣᠯᠭᠠᠭᠰᠠᠨ ᠤᠴᠢᠷ ᠠᠴᠠ ᠵᠠᠩ ᠸᠧᠨ ᠬᠠᠮᠲᠤᠷᠠᠨ ᠣᠨᠣᠰᠢᠯᠠᠬᠤ ᠪᠠᠷ ᠳᠠᠮᠵᠢᠨ ᠴᠢᠯᠠᠭᠤᠰᠢᠷᠠᠯ ᠢ ᠨᠢ ᠵᠠᠰᠠᠬᠤ ᠶᠢᠨ ᠬᠠᠮᠲᠤ ᠳᠤᠨᠢ ᠵᠢᠷᠮᠦᠰᠦᠯᠡᠬᠦ ᠶᠢ ᠬᠤᠷᠢᠭᠯᠠᠬᠤ ᠪᠠᠭᠠᠵᠢ ᠶᠢ ᠠᠪᠬᠤ ᠡᠮᠴᠢᠯᠡᠭᠡᠨ ᠤ ᠲᠥᠰᠥᠯ ᠢ ᠲᠣᠭᠲᠠᠭᠠᠵᠤ᠂ ᠡᠴᠦᠰ ᠲᠡᠭᠡᠨ ᠡᠯ᠎ᠡ ᠰᠠᠯᠠᠭ᠎ᠠ ᠲᠠᠰᠤᠭ ᠤᠨ ᠬᠠᠮᠲᠤ ᠶᠢᠨ ᠬᠦᠴᠦᠨ ᠤ ᠬᠠᠮᠵᠢᠯᠴᠠᠭ᠎ᠠ ᠪᠠᠷ ᠡᠨᠡ ᠬᠦ ᠪᠢᠴᠢᠯ ᠰᠢᠷᠬᠠᠨ ᠤ ᠮᠡᠰᠡ ᠵᠠᠰᠠᠯ ᠢ ᠠᠮᠵᠢᠯᠲᠠ ᠲᠠᠢ ᠬᠢᠵᠦ ᠳᠠᠭᠤᠰᠬᠠᠪᠠ  ᠃       2022 ᠣᠨ ᠠᠴᠠ ᠨᠠᠰᠢ᠂ ᠬᠤᠷᠢᠶᠠᠨ ᠳᠠᠷᠤᠭ᠎ᠠ ᠵᠠᠩ ᠸᠧᠨ ᠤ ᠳᠠᠭᠠᠭᠤᠯᠭ᠎ᠠ ᠪᠠᠷ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠰᠢᠭᠡᠰᠦ ᠢᠯᠭᠠᠷᠠᠭᠤᠯᠬᠤ ᠰᠢᠰᠲ᠋ᠧᠮ ᠤᠨ ᠴᠢᠯᠠᠭᠤᠰᠢᠷᠠᠯ᠂ ᠤᠷᠢᠳᠤ ᠪᠤᠯᠴᠢᠷᠬᠠᠢ ᠶᠢᠨ ᠲᠥᠯᠵᠢᠬᠦ ᠬᠡᠮ ᠵᠡᠷᠭᠡ ᠡᠪᠡᠳᠴᠢᠨ ᠢ ᠮᠡᠰᠡ ᠵᠠᠰᠠᠯ ᠢᠶᠠᠷ ᠵᠠᠰᠠᠬᠤ ᠲᠠᠯ᠎ᠠ ᠪᠠᠷ ᠨᠡᠯᠢᠶᠡᠳ ᠥᠨᠳᠥᠷ ᠲᠦᠪᠰᠢᠨ ᠳᠤ ᠬᠦᠷᠴᠡᠢ᠃  ᠪᠡᠭᠡᠵᠢᠩ ᠤᠨ ᠡᠮᠴᠢ ᠨᠠᠷ ᠰᠢᠭᠡᠰᠦ ᠰᠢᠭᠦᠷᠡᠭᠦᠯᠬᠦ ᠭᠠᠳᠠᠷ ᠰᠠᠯᠠᠭ᠎ᠠ ᠠᠴᠠ ᠭᠠᠳᠠᠨ᠎ᠠ᠂ ᠠᠳᠠᠯᠢ ᠪᠤᠰᠤ ᠬᠦᠷᠢᠶᠡᠨ  ᠳᠠᠬᠢ 9 ᠲᠤᠰᠬᠠᠢ ᠮᠡᠷᠭᠡᠵᠢᠯᠲᠡᠨ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠬᠠᠪᠰᠤᠷᠤᠨ 6 ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠠᠩᠭᠢ ᠪᠠᠶᠢᠭᠤᠯᠵᠤ᠂ 18 ᠵᠦᠢᠯ ᠤᠨ ᠰᠢᠨ᠎ᠡ ᠮᠡᠷᠭᠡᠵᠢᠯ ᠢ ᠥᠷᠨᠢᠭᠦᠯᠪᠡ᠃       ︽ᠡᠮᠴᠢᠯᠡᠭᠡᠨ ᠤ ᠰᠢᠯᠭᠠᠷᠠᠭᠰᠠᠨ ᠮᠡᠷᠭᠡᠵᠢᠯ ᠪᠣᠯ ᠰᠠᠯᠠᠭ᠎ᠠ ᠲᠠᠰᠤᠭ ᠤᠨ ᠴᠢᠨᠠᠷ ᠰᠠᠶᠢᠲᠠᠢ ᠬᠥᠭᠵᠢᠯᠲᠡ ᠶᠢᠨ ︿ᠠᠮᠢᠨ ᠰᠤᠳᠠᠰᠤ﹀ ᠮᠥᠨ᠂ ᠡᠮᠴᠢ ᠰᠤᠪᠢᠯᠠᠭᠴᠢ ᠶᠢᠨ ᠣᠨᠣᠰᠢᠯᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠪᠡᠯ ᠰᠠᠶ᠋ᠢ ᠡᠪᠡᠳᠴᠢᠲᠡᠨ ᠢ ᠦᠯᠡᠳᠡᠭᠡᠵᠦ ᠴᠢᠳᠠᠨ᠎ᠠ᠂ ᠡᠶᠢᠮᠦ ᠠᠴᠠ ᠪᠢᠳᠡ ᠡᠮᠴᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠬᠠᠪᠰᠤᠷᠤᠨ ᠲᠡᠳᠬᠦᠬᠦ ᠴᠢᠬᠤᠯᠠ ᠡᠭᠦᠷᠭᠡ ᠪᠣᠯᠭᠠᠵᠤ ᠪᠠᠶᠢᠨ᠎ᠠ︾ ᠭᠡᠵᠡᠢ᠃ ᠵᠠᠩ ᠸᠧᠨ ᠣᠳᠣᠬᠠᠨ ᠳᠤ ᠡᠮᠨᠡᠯᠭᠡ ᠶᠢᠨ ᠬᠤᠷᠢᠶᠠᠨ ᠤ ᠲᠦᠷᠭᠡᠨ ᠡᠮᠴᠢᠯᠡᠭᠡᠨ ᠤ ᠰᠠᠯᠠᠭ᠎ᠠ ᠶᠢᠨ ᠡᠮᠴᠢᠯᠡᠭᠡᠨ ᠤ ᠦᠨᠳᠦᠰᠦᠨ ᠡᠪᠡᠳᠴᠢᠨ ᠤ ᠠᠰᠠᠭᠤᠳᠠᠯ ᠶᠡᠭᠡ ᠪᠢᠰᠢ ᠪᠣᠯᠪᠠᠴᠤ ᠵᠠᠷᠢᠮ ᠬᠦᠨᠳᠦ ᠲᠦᠭᠰᠢᠭᠦᠷᠢᠲᠡᠢ ᠡᠪᠡᠳᠴᠢᠨ ᠳᠤ ᠨᠡᠷᠪᠡᠭᠳᠡᠪᠡᠯ ᠲᠤᠷᠰᠢᠯᠭ᠎ᠠ ᠳᠤᠲᠠᠮᠠᠭ ᠪᠠᠶᠢᠵᠤ ᠮᠡᠳᠡᠨ᠎ᠡ᠂ ᠡᠮᠴᠢᠯᠡᠭᠡ ᠪᠠᠷ ᠬᠢᠴᠢᠶᠡᠯᠯᠡᠬᠦ᠂ ᠮᠡᠰᠡ ᠵᠠᠰᠠᠯ ᠢᠶᠠᠷ ᠵᠢᠯᠤᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠳᠡᠨ ᠢ ᠬᠠᠪᠰᠤᠷᠤᠨ ᠡᠮᠴᠢᠯᠡᠭᠡᠨ ᠤ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠨ᠎ᠠ ᠭᠡᠵᠡᠢ᠃       ︽ᠪᠡᠭᠡᠵᠢᠩ ᠤᠨ ᠪᠠᠭᠰᠢ ᠨᠠᠷ ᠪᠢᠳᠡᠨ ᠳᠤ ᠡᠮᠴᠢᠯᠡᠭᠡᠨ ᠤ ᠰᠢᠨ᠎ᠡ ᠮᠡᠷᠭᠡᠵᠢᠯ ᠣᠯᠭᠤᠵᠤ᠂ ᠮᠠᠨ ᠤ ᠮᠡᠰᠡ ᠵᠠᠰᠠᠯ ᠤᠨ ᠠᠵᠢᠯᠯᠠᠭ᠎ᠠ ᠶᠢ ᠨᠡᠩ ᠲᠤᠰᠬᠠᠢ ᠮᠡᠷᠭᠡᠵᠢᠯ ᠤᠨ᠂ ᠨᠡᠩ ᠲᠣᠭᠲᠠᠪᠤᠷᠢᠲᠠᠢ ᠪᠣᠯᠭᠠᠵᠤ᠂ ᠮᠡᠰᠡ ᠵᠠᠰᠠᠯ ᠤᠨ ᠠᠮᠵᠢᠯᠲᠠ ᠣᠯᠬᠤ ᠨᠣᠷᠮ᠎ᠠ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ︾ ᠭᠡᠵᠦ ᠲᠤᠰ ᠡᠮᠨᠡᠯᠭᠡ ᠶᠢᠨ ᠬᠤᠷᠢᠶᠠᠨ ᠤ ᠰᠢᠭᠡᠰᠦ ᠢᠯᠭᠠᠷᠠᠭᠤᠯᠬᠤ ᠭᠠᠳᠠᠷ ᠰᠠᠯᠠᠭᠠᠨ ᠤ ᠡᠮᠴᠢ ᠭᠤᠤ  ᠹᠧᠩ ᠬᠡᠯᠡᠪᠡ  ᠃       ︽ᠪᠢᠳᠡ ᠪᠠᠰᠠ ᠡᠮᠨᠡᠯᠭᠡ ᠶᠢᠨ ᠬᠤᠷᠢᠶᠠᠨ ᠤ ᠡᠮᠴᠢ ᠨᠠᠷ ᠢ ᠵᠢᠭᠠᠨ ᠵᠢᠯᠤᠭᠤᠳᠴᠤ᠂ ᠲᠡᠳᠡᠨ ᠢ ᠬᠠᠪᠰᠤᠷᠤᠨ ᠤᠷᠢᠳᠤ ᠪᠤᠯᠴᠢᠷᠬᠠᠢ᠂ ᠳᠠᠪᠤᠰᠠᠩ ᠤᠨ ᠬᠠᠪᠤᠳᠠᠷ ᠵᠡᠷᠭᠡ ᠶᠢᠨ ᠮᠡᠰᠡ ᠵᠠᠰᠠᠯ ᠬᠢᠯᠭᠡᠵᠦ᠂ ᠶᠡᠭᠡ ᠬᠤᠲᠠ ᠳᠤ ᠡᠮᠨᠡᠭᠦᠯᠬᠦ ᠶᠢ ᠪᠣᠳᠣᠵᠤ ᠪᠠᠶᠢᠭᠰᠠᠨ ᠬᠡᠳᠦᠨ ᠡᠪᠡᠳᠴᠢᠲᠡᠨ ᠢ ᠭᠡᠷ ᠤᠨ ᠡᠭᠦᠳᠡᠨ ᠤ ᠪᠠᠨ  ᠡᠮᠨᠡᠯᠭᠡ ᠶᠢᠨ ᠬᠤᠷᠢᠶᠠᠨ ᠳᠤ ᠬᠠᠨᠤᠮᠵᠢᠲᠠᠶ ᠡᠮᠴᠢᠯᠡᠭᠦᠯᠦᠭᠰᠡᠨ ᠪᠠᠶᠢᠨ᠎ᠠ︾ ᠭᠡᠵᠦ ᠵᠠᠩ ᠸᠧᠨ ᠬᠡᠯᠡᠪᠡ᠃        ᠣᠲᠣ ᠪᠣᠯᠲᠠᠯ᠎ᠠ᠂ ᠵᠠᠩ ᠸᠧᠨ ᠪᠣᠯᠣᠨ ᠡᠮᠴᠢᠯᠡᠭᠡᠨ ᠤ ᠬᠠᠪᠰᠤᠷᠤᠨ ᠲᠡᠳᠬᠦᠬᠦ ᠪᠦᠯᠬᠦᠮ ᠤᠨ ᠡᠮᠴᠢ ᠨᠠᠷ 39 ᠵᠠᠯᠠᠭᠤ ᠡᠮᠴᠢ ᠳᠠᠭᠠᠭᠤᠯᠵᠤ᠂ ᠨᠡᠶᠢᠲᠡ 121 ᠮᠡᠰᠡ ᠵᠠᠰᠠᠯ ᠬᠢᠵᠦ᠂ ᠨᠡᠶᠢᠲᠡ 19520 ᠬᠥᠮᠥᠨ ᠤᠳᠠᠭ᠎ᠠ ᠣᠨᠣᠰᠢᠯᠠᠨ ᠡᠮᠨᠡᠵᠦ᠂ 839 ᠮᠠᠳᠠᠭ ᠲᠠᠢ ᠡᠪᠡᠳᠴᠢᠨ ᠤ ᠵᠢᠱᠢᠶ᠎ᠡ ᠶᠢ ᠶᠠᠷᠢᠯᠴᠠᠵᠤ᠂ 715 ᠤᠳᠠᠭ᠎ᠠ ᠬᠠᠮᠲᠤᠷᠠᠨ ᠣᠨᠣᠰᠢᠯᠠᠵᠤ᠂ ᠲᠣᠰ ᠬᠤᠰᠢᠭᠤ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠣᠯᠠᠨ ᠲᠦᠮᠡᠨ ᠳᠤ ᠥᠷᠭᠡᠨ ᠢᠶᠠᠷ ᠠᠰᠢᠭ ᠬᠦᠷᠲᠡᠭᠡᠪᠡ᠃        ︽ᠪᠢᠳᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︿ᠪᠦᠯᠬᠦᠮ ᠪᠠᠶᠢᠭᠤᠯᠬᠤ ᠮᠠᠶ᠋ᠢᠭ﹀ ᠤᠨ ᠬᠠᠪᠰᠤᠷᠤᠨ ᠲᠡᠳᠬᠦᠬᠦ ᠡᠬᠢ ᠪᠠᠶᠠᠯᠢᠭ ᠲᠤ ᠲᠦᠰᠢᠭᠯᠡᠨ᠂ ︿ᠪᠠᠭᠰᠢ ᠨᠢ ᠱᠠᠪᠢ ᠪᠠᠨ ᠳᠠᠭᠠᠭᠤᠯᠤᠨ﹀  ᠬᠦᠮᠦᠵᠢᠭᠦᠯᠬᠦ ᠂ ᠪᠡᠭᠡᠵᠢᠩ ᠳᠤ  ᠬᠦᠷᠴᠦ ︿ᠠᠵᠢᠯ ᠤᠨ ᠪᠠᠶᠢᠷᠢ ᠳᠤ ᠨᠢ ᠳᠠᠭᠠᠬᠤ﹀ ᠪᠣᠯᠪᠠᠰᠤᠷᠠᠯ ᠪᠠ ︿ᠪᠡᠭᠡᠵᠢᠩ ᠤᠨ ᠡᠮᠴᠢ ᠶᠢ ᠦᠨᠳᠦᠰᠦᠨ ᠱᠠᠲᠤᠨ ᠳᠤ ᠲᠣᠮᠢᠯᠠᠬᠤ﹀ ᠪᠠᠷ ᠳᠠᠮᠵᠢᠨ ᠬᠠᠪᠰᠤᠷᠤᠨ ᠲᠡᠳᠬᠦᠵᠦ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠲᠤᠰᠬᠠᠢ ᠰᠠᠯᠠᠭᠠᠨ ᠤ ᠡᠮᠴᠢ ᠶᠢᠨ ᠣᠨᠣᠰᠢᠯᠠᠨ ᠡᠮᠨᠡᠬᠦ ᠲᠦᠪᠰᠢᠨ ᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ︿ᠪᠡᠭᠡᠵᠢᠩ   ᠠᠴᠠ ᠢᠷᠡᠭᠰᠡᠨ ᠡᠮᠴᠢ﹀ ᠶᠢ ᠠᠷᠠᠳ ᠢᠷᠭᠡᠳ ᠤᠨ ᠡᠭᠦᠳᠡᠨ ᠳᠤ ᠵᠠᠯᠠᠵᠤ ᠠᠪᠴᠢᠷᠠᠬᠤ ᠶᠢᠨ ᠤᠯᠠᠮ ᠠᠴᠠ ᠭᠡᠷ ᠪᠦᠯᠢ ᠶᠢᠨ ᠡᠮᠴᠢ ᠶᠢᠨ ᠪᠦᠯᠬᠦᠮ ᠤᠨ ᠬᠦᠴᠢᠷ ᠲᠦᠪᠡᠭᠲᠡᠢ ᠡᠪᠡᠳᠴᠢᠨ ᠪᠠ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠡᠮᠨᠡᠨ ᠵᠠᠰᠠᠵᠦ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠲᠤ ᠨᠡᠩ ᠰᠠᠶᠢᠨ ᠲᠦᠭᠦᠮ᠂ ᠪᠦᠲᠦᠮᠵᠢᠲᠡᠢ ᠪᠥᠭᠡᠳ ᠢᠲᠡᠭᠡᠮᠵᠢᠲᠡᠢ ᠡᠮ ᠡᠮᠨᠡᠯᠭᠡ ᠶᠢᠨ  ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ︾ ᠭᠡᠵᠦ ᠵᠠᠯᠠᠶᠢᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠦᠨ ᠵᠢᠶᠠᠨ ᠬᠡᠯᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号