ᠵᠠᠯᠠᠶᠢᠳ ᠬᠤᠰᠢᠭᠤ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠨᠢᠭᠡᠳᠦᠭᠡᠷ ᠤᠯᠠᠷᠢᠯ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/4/28
      2024 ᠣᠨ ᠤ 4 ᠰᠠᠷ᠎ᠠ ᠶᠢᠨ 26 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠨᠢᠭᠡᠳᠦᠭᠡᠷ ᠤᠯᠠᠷᠢᠯ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ  ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠲᠣᠰ ᠤᠳᠠᠭᠠᠨ ᠤ ᠬᠤᠷᠠᠯ ᠳᠤ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠤᠰᠢᠶᠠᠯᠲᠠᠨ ᠵᠢᠴᠢ ᠬᠤᠯᠪᠣᠭᠳᠠᠯ ᠪᠥᠬᠦᠶ ᠠᠵᠢᠯᠲᠠᠨ᠂ ᠵᠠᠰᠠᠭ ᠤᠨ ᠣᠷᠳᠣᠨ ᠤ ᠠᠯᠪᠠᠨ ᠬᠡᠷ ᠤᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ᠂ ᠢᠨᠳᠡᠷ᠂ ᠲᠡᠮᠡᠭᠡᠴᠢ ᠪᠠᠯᠭᠠᠰᠤᠨ ᠤ ᠳᠠᠷᠤᠭ᠎ᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ᠂ ᠣᠶ ᠰᠢᠭᠤᠶ ᠶᠢᠨ ᠥᠷᠲᠡᠭᠡ ᠶᠢᠨ ᠬᠠᠷᠢᠭᠤᠴᠠᠯᠭᠠᠲᠠᠨ᠂ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ  ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠤᠯᠢ ᠬᠡᠷᠡᠭᠵᠢᠭᠦᠯᠬᠦ ᠳᠡᠳ᠋ ᠲᠤᠰᠢᠶᠠᠯᠲᠠᠨ ᠪᠠ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠠᠵᠢᠯᠲᠠᠨ ᠣᠷᠣᠯᠴᠠᠵᠠᠶ᠃       ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠶᠢᠨ ᠬᠢᠭᠰᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠨᠢᠭᠡᠳᠦᠭᠡᠷ ᠤᠯᠠᠷᠢᠯ ᠤᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠲᠤᠷᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠴᠢᠬᠤᠯᠠ ᠴᠢᠨᠠᠷ ᠪᠣᠯᠤᠨ ᠵᠠᠶᠢᠯᠠᠰᠢ ᠥᠬᠡᠶ ᠴᠢᠨᠠᠷ ᠢ ᠳᠠᠬᠢᠨᠲᠠ ᠴᠢᠬᠤᠯᠠᠴᠢᠯᠠᠵᠤ᠂ ᠬᠤᠶᠢᠰᠢᠳᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ᠬᠤᠷᠠᠯ ᠤᠨ ᠳᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠬᠠᠤᠯᠢ ᠬᠡᠷᠡᠭᠵᠢᠭᠦᠯᠬᠦ ᠠᠵᠢᠯᠲᠠᠳ ᠲᠡᠮᠡᠭᠡᠴᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠭᠰᠠᠨ ᠪᠠᠶᠢᠴᠠᠭᠠᠯᠲᠠ ᠶᠢᠨ ᠠᠵᠢᠯ ᠬᠢᠪᠡ᠃
 
ᠢᠷᠡᠯᠲᠡ᠄ ᠵᠠᠯᠠᠢᠳ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号