ᠵᠠᠯᠠᠶᠢᠳ ᠬᠤᠰᠢᠭᠤᠨ ᠤ ᠲᠥᠯᠥᠭᠡᠯᠡᠭᠴᠢᠳ ᠤᠨ ᠠᠩᠭᠢ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠭᠤᠷᠪᠠᠳᠤᠭᠠᠷ ᠳᠡᠰ ᠤᠨ ᠬᠤᠯᠪᠣᠭᠠᠲᠤ ᠤᠷᠤᠯᠳᠤᠭᠠᠨ ᠳᠤ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠣᠯᠵᠠᠢ
ᠨᠡᠶᠢᠲᠡᠯᠡᠭᠰᠡᠨ ᠴᠠᠭ᠄
2024/4/28
       ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠥᠯᠥᠪᠯᠡᠭᠡ ᠶᠢ ᠦᠨᠳᠦᠰᠦᠯᠡᠨ᠂ 2024 ᠣᠨ ᠤ 4 ᠰᠠᠷ᠎ᠠ ᠶᠢᠨ 21 - 26 ᠤ ᠡᠳᠦᠷ ᠪᠤᠯᠲᠠᠯ᠎ᠠ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ ᠬᠢᠩᠭᠠᠨ ᠠᠶᠢᠮᠠᠭ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠭᠤᠷᠪᠠᠳᠤᠭᠠᠷ ᠳᠡᠰ ᠤᠨ ᠬᠤᠯᠪᠣᠭᠠᠲᠤ ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠤᠷᠤᠯᠳᠤᠭᠠᠨ ᠳᠤ ᠮᠠᠨ ᠤ ᠬᠤᠰᠢᠭᠤᠨ ᠠᠴᠠ 4 ᠪᠥᠮᠪᠥᠭᠡᠨ ᠠᠩᠭᠢ ᠶᠢ ᠰᠣᠩᠭᠤᠨ ᠲᠣᠮᠢᠯᠠᠪᠠ᠃        ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠮᠠᠨ ᠤ ᠬᠤᠰᠢᠭᠤᠨ ᠤ ᠰᠣᠩᠭᠤᠨ ᠲᠣᠮᠢᠯᠠᠭᠰᠠᠨ 4 ᠲᠥᠯᠥᠭᠡᠯᠡᠭᠴᠢᠳ ᠤᠨ ᠠᠩᠭᠢ ᠴᠥᠮ ᠦᠨᠳᠦᠷ ᠬᠢᠷᠢ ᠪᠦᠲᠦᠮᠵᠢ ᠣᠯᠵᠠᠢ᠃ ᠡᠬᠦᠨ ᠳᠤ ᠪᠠᠳᠠᠷᠠᠬᠤ ᠭᠤᠤᠯ ᠰᠤᠷᠭᠠᠭᠤᠯᠢ ᠶᠢᠨ ᠡᠷᠡᠭᠳᠡᠢ ᠶᠢᠨ ᠳᠤᠭᠤᠶᠢᠯᠠᠩ ᠤᠨ ᠮᠠᠩᠯᠠᠢ᠂ ᠢᠨᠳᠡᠷ ᠳᠦᠷᠪᠡᠳᠤᠬᠡᠷ ᠪᠠᠭ᠎ᠠ ᠰᠤᠷᠭᠠᠭᠤᠯᠢ ᠶᠢᠨ ᠡᠮᠡᠭᠳᠡᠢ ᠶᠢᠨ ᠳᠤᠭᠤᠶᠢᠯᠠᠩ ᠤᠨ ᠭᠤᠷᠪᠠᠳᠤᠭᠠᠷ᠂ ᠠᠯᠳᠠᠷᠳᠤ ᠭᠤᠤᠯ ᠰᠤᠷᠭᠠᠭᠤᠯᠢ  ᠶᠢᠨ ᠡᠷᠡᠭᠳᠡᠢ ᠶᠢᠨ ᠳᠤᠭᠤᠶᠢᠯᠠᠩ ᠤᠨ ᠳᠦᠷᠪᠡᠳᠤᠬᠡᠷ ᠨᠡᠷᠡᠰ᠂ ᠢᠨᠳᠡᠷ ᠳᠤᠯᠤᠳᠤᠭᠠᠷ ᠪᠠᠭ᠎ᠠ ᠰᠤᠷᠭᠠᠭᠤᠯᠢ ᠶᠢᠨ ᠡᠮᠡᠭᠳᠡᠢ ᠶᠢᠨ ᠲᠤᠭᠤᠶᠢᠯᠠᠩ ᠤᠨ ᠵᠢᠷᠭᠤᠳᠤᠭᠠᠷ ᠨᠡᠷᠡᠰ ᠲᠤ ᠲᠤᠳᠤᠷᠠᠪᠠ  ᠃
 
ᠢᠷᠡᠯᠲᠡ᠄ ᠵᠠᠯᠠᠶᠢᠳ ᠤᠨ ᠰᠤᠷᠭᠠᠨ ᠬᠦᠮᠦᠵᠢᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号