ᠬᠠᠪᠤᠷ ᠤᠨ ᠲᠠᠷᠢᠶᠠᠯᠠᠭ᠎ᠠ ᠶᠢᠨ ᠶᠠᠭᠠᠷᠠᠯ ᠲᠠᠢ ᠣᠯᠠᠷᠠᠯ ᠪᠤᠯᠤᠯ᠎ᠠ
ᠨᠡᠶᠢᠲᠡᠯᠡᠭᠰᠡᠨ ᠴᠠᠭ᠄
2024/4/30
      ᠤᠷᠢᠬᠠᠨ ᠬᠠᠪᠤᠷ ᠰᠠᠭᠠᠲᠠᠨ ᠡᠬᠡ ᠳᠡᠯᠡᠬᠡᠢ ᠳᠤᠯᠠᠭᠠᠷᠠᠵᠦ᠂ ᠣᠳᠣᠬᠠᠨ ᠳᠤ ᠶᠠᠭ ᠡᠷᠳᠡᠨᠢ ᠰᠢᠰᠢ ᠲᠠᠷᠢᠬᠤ ᠬᠠᠪᠤᠷ ᠤᠨ ᠲᠠᠷᠢᠶᠠᠯᠠᠭ᠎ᠠ ᠶᠢᠨ ᠰᠢᠵᠢᠷ ᠠᠯᠲᠠᠨ ᠬᠤᠭᠤᠴᠠᠭ᠎ᠠ ᠪᠣᠯᠵᠣ ᠪᠠᠶᠢᠨ᠎ᠠ᠂ ᠬᠤᠯᠪᠣᠭ᠎ᠠ ᠪᠠᠯᠭᠠᠰᠤ ᠶᠢᠨ ᠬᠢᠨ ᠨᠢᠭᠡᠨᠲᠡ ︽ᠲᠠᠷᠢᠶᠠᠯᠠᠭ᠎ᠠ ᠶᠢᠨ ᠴᠠᠭ ᠢ ᠠᠮᠵᠢᠨ᠂ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠡᠯᠪᠡᠭ ᠬᠤᠷᠢᠶᠠᠯᠲᠠ ᠶᠢ ᠪᠠᠲᠤᠯᠠᠬᠤ︾ ᠪᠠᠷ ᠲᠠᠷᠢᠶᠠᠨ ᠳᠤ ᠪᠠᠨ ᠡᠷᠳᠡᠨᠢ ᠰᠢᠰᠢ ᠲᠠᠷᠢᠵᠦ ᠶᠠᠭᠠᠷᠠᠯᠳᠤᠨ᠎ᠠ᠃      ᠵᠠᠯᠠᠶᠢᠳ ᠬᠤᠰᠢᠭᠤᠨ ᠤ ᠡᠤ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠶ ᠬᠤᠷᠰᠢᠶ᠎ᠠ ᠶᠢᠨ ᠲᠠᠷᠢᠶᠠᠨ ᠳᠤ᠂ ᠣᠳᠣᠬᠢᠴᠢᠯᠠᠭᠰᠠᠨ ᠬᠠᠪᠤᠷ ᠤᠨ ᠲᠠᠷᠢᠶᠠᠯᠠᠭ᠎ᠠ ᠵᠢᠨ‌ᠠᠵᠢᠯᠯᠭ᠎ᠠ ᠶᠠᠭ ᠰᠠᠶ᠋ᠢᠬᠠᠨ ᠲᠠᠷᠢᠶᠠᠨ ᠭᠠᠵᠠᠷ ᠲᠤ ᠶᠠᠪᠤᠭᠳᠠᠵᠤ ᠪᠠᠶᠢᠨ᠎ᠠ᠃ ᠬᠤᠶᠠᠷ ᠰᠠᠭᠤᠷᠢ ᠦᠷ᠎ᠡ ᠰᠠᠴᠤᠬᠤ ᠮᠠᠰᠢᠨ ᠨᠠᠰᠢ ᠴᠠᠰᠢ ᠰᠦᠯᠵᠢᠯᠳᠦᠵᠦ᠂ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠪᠢᠯᠬᠠᠭᠰᠠᠨ ᠡᠷᠳᠡᠨᠢ ᠰᠢᠰᠢ ᠶᠢᠨ ᠦᠷ᠎ᠡ ᠶᠢ ᠬᠠᠷ᠎ᠠ ᠬᠥᠷᠥᠰᠥᠨ ᠳᠤ ᠵᠢᠭᠳᠡ ᠰᠠᠴᠤᠵᠤ᠂  ᠵᠢᠷᠤᠬ᠎ᠠ ᠵᠢᠷᠤᠬ᠎ᠠ ᠪᠠᠷ  ᠵᠢᠭᠳᠡᠷᠡᠭᠰᠡᠨ ᠳᠠᠯᠠᠩ ᠤᠳ ᠨᠢᠳᠦᠨ ᠡᠮᠦᠨ᠎ᠡ ᠬᠠᠷᠠᠭᠳᠠᠨ᠎ᠠ᠃  ᠠᠳᠡ ᠮᠠᠰᠢᠨᠴᠢᠯᠠᠨ ᠠᠵᠢᠯᠯᠠᠬᠤ᠂ ᠬᠡᠪᠴᠢᠶᠡᠵᠢᠭᠦᠯᠦᠨ ᠲᠠᠷᠢᠬᠤ ᠨᠢ ᠲᠠᠷᠢᠶᠠᠴᠢᠳ  ᠤᠨ  ᠬᠦᠳᠡᠯᠮᠦᠷᠢ ᠬᠦᠴᠦ ᠶᠢ ᠶᠡᠭᠡ ᠬᠡᠮᠵᠢᠶ᠎ᠡ ᠪᠠᠷ ᠠᠷᠪᠢᠯᠠᠨ᠎ᠠ᠃      ︽ᠡᠨᠡ ᠵᠢᠯ ᠮᠠᠨ ᠤ ᠲᠠᠷᠢᠶᠠᠯᠠᠭ᠎ᠠ ᠳᠤ ᠬᠡᠷᠡᠭᠯᠡᠭᠰᠡᠨ ᠭᠤᠣᠯ ᠠᠷᠭ᠎ᠠ ᠪᠣᠯ ᠳᠠᠯᠠᠩ ᠨᠢ ᠥᠨᠳᠥᠷ ᠵᠠᠢ ᠨᠢ ᠨᠢᠭᠲᠠ  ᠭᠦᠶᠦᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠪᠣᠯᠤᠨ᠎ᠠ᠂ ᠪᠢ ᠥᠪᠡᠷ ᠢᠶᠠᠨ ᠪᠠᠰᠠ ᠨᠢᠭᠡ ᠰᠢᠨ᠎ᠡ ᠲᠠᠷᠢᠬᠤ ᠮᠠᠰᠢᠨ ᠵᠣᠬᠢᠶᠠᠵᠦ᠂ ᠲᠠᠷᠢᠶᠠᠯᠠᠭ᠎ᠠ ᠳᠤ ᠬᠡᠷᠡᠭᠯᠡᠯ᠎ᠡ᠃ ᠦᠷ᠎ᠡ ᠪᠦᠲᠦᠮᠵᠢ ᠨᠢ ᠮᠠᠰᠢ ᠰᠠᠶᠢᠨ᠂ ᠡᠨᠡ ᠵᠢᠯ ᠪᠢᠳᠡ 5 ᠰᠠᠷ᠎ᠠ ᠶᠢᠨ 10 ᠤ ᠡᠳᠦᠷ ᠠᠴᠠ ᠡᠮᠦᠨ᠎ᠡ  ᠡᠨᠡ ᠬᠦ 8000 ᠮᠥ ᠡᠷᠳᠡᠨᠢ ᠰᠢᠰᠢ ᠶᠢ ᠲᠠᠷᠢᠵᠦ ᠤᠰᠤᠯᠠᠬᠤ ᠠᠵᠢᠯ ᠢ  ᠪᠦᠬᠦᠨ ᠢ  ᠳᠠᠭᠤᠰᠬᠠᠬᠤ ᠪᠠᠷ ᠲᠦᠯᠦᠪᠯᠡᠵᠦ ᠪᠤᠢ︾ ᠭᠡᠵᠦ ᠵᠠᠯᠠᠶᠢᠳ ᠬᠤᠰᠢᠭᠤᠨ ᠤ ᠦ᠋ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠳ᠋ᠦ᠋ ᠭᠠᠩ ᠬᠡᠯᠡᠪᠡ᠃      ᠡᠨᠡ ᠵᠢᠯ᠂ ᠬᠤᠯᠪᠣᠭ᠎ᠠ ᠪᠠᠯᠭᠠᠰᠤ ᠶᠢᠨ ᠬᠢᠨ  ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠪᠡᠯᠡᠳᠭᠡᠯ ᠠᠵᠢᠯ ᠢᠶᠠᠨ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠶᠢᠨ ᠰᠠᠶᠢᠨ ᠡᠬᠢᠯᠡᠯᠲᠡ ᠶᠢ ᠦᠨᠡᠨ ᠬᠦ ᠪᠠᠲᠤᠯᠠᠵᠤ᠂ ᠡᠷᠳᠡᠨᠢ ᠰᠢᠰᠢ ᠶᠢᠨ ᠭᠠᠷᠤᠯᠲᠠ ᠶᠢᠨ ᠰᠢᠨ᠎ᠡ ᠲᠡᠮᠳᠡᠭᠯᠡᠯ ᠢ ᠡᠭᠦᠳᠬᠦ ᠳᠤ  ᠦᠨᠡᠨ ᠬᠦ ᠴᠢᠷᠮᠠᠶᠢᠨ ᠠᠵᠢᠯᠯᠠᠵᠦ ᠪᠠᠶᠢᠨ᠎ᠠ᠃     ︽ᠡᠨᠡ ᠵᠢᠯ ᠤᠨ ᠪᠢᠳᠡ ᠠᠭᠠᠷ ᠤᠨ ᠳᠤᠯᠠᠭᠠᠨ ᠥᠨᠳᠥᠷ ᠪᠠᠶᠢᠬᠤ ᠡᠨᠡ ᠬᠦ ᠠᠰᠢᠭᠲᠠᠶ ᠴᠠᠭ ᠲᠣᠬᠢᠶᠠᠯ ᠢ ᠠᠮᠵᠢᠨ᠂ 4 ᠰᠠᠷ᠎ᠠ ᠶᠢᠨ 20 ᠤ ᠡᠳᠦᠷ ᠠᠴᠠ ᠡᠬᠢᠯᠡᠨ  ᠪᠠᠯᠭᠠᠰᠤᠨ ᠤ ᠠᠷᠠᠳ ᠢ ᠳᠠᠶᠢᠴᠢᠯᠠᠨ ᠲᠣᠮᠣ ᠲᠠᠷᠢᠶᠠᠨ ᠳᠤ ᠡᠷᠳᠡᠨᠢ ᠰᠢᠰᠢ  ᠲᠠᠷᠢᠪᠠ᠃ ᠵᠢᠱᠢᠯᠲᠡ ᠪᠠᠷ 5 ᠰᠠᠷ᠎ᠠ ᠶᠢᠨ 1 ᠤ ᠡᠳᠦᠷ ᠠᠴᠠ ᠡᠮᠦᠨ᠎ᠡ ᠪᠥᠬᠦ ᠪᠠᠯᠭᠠᠰᠤᠨ ᠤ 14 ᠲᠦᠮᠡᠨ ᠮᠥ ᠡᠷᠳᠡᠨᠢ ᠰᠢᠰᠢ ᠳᠠᠷᠢᠬᠤ ᠡᠭᠦᠷᠭᠡ ᠶᠢ ᠪᠡᠶᠡᠯᠡᠭᠦᠯᠦᠨ᠎ᠡ᠃ ᠡᠨᠡ ᠵᠢᠯ ᠡᠷᠳᠡᠨᠢ ᠰᠢᠰᠢ ᠲᠠᠷᠢᠬᠤ ᠳᠤ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ  ᠬᠡᠷᠡᠭᠯᠡᠵᠡᠢ᠃ ᠡᠨᠡ ᠬᠦ ᠮᠡᠷᠭᠡᠵᠢᠯ  ᠨᠢ  ᠮᠠᠨ ᠤ ᠳᠠᠷᠢᠬᠤ ᠠᠬᠢᠴᠠ ᠶᠢ ᠳᠡᠭᠡᠭᠰᠢᠯᠡᠭᠦᠯᠬᠦ ᠶᠢᠨ ᠬᠠᠮᠲᠤ  ᠂  ᠰᠡᠭᠦᠯᠴᠢ ᠶᠢᠨ ᠬᠤᠭᠤᠴᠠᠭᠠᠨ ᠤ ᠤᠰᠤ ᠪᠣᠷᠲᠣᠭᠤᠷ ᠤᠨ ᠬᠠᠮᠢᠶᠠᠷᠤᠯᠲᠠ ᠶᠢᠨ ᠲᠠᠯ᠎ᠠ ᠪᠠᠷ ᠪᠠᠰᠠ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠠᠰᠢᠭᠲᠠᠶ ᠶᠤᠮ︾ ᠭᠡᠵᠦ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠷᠬᠢᠯᠡᠭᠴᠢ ᠭᠡᠰᠢᠭᠦᠨ ᠵᠠᠩ ᠯᠢᠶᠠᠩ ᠬᠡᠯᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号