| ᠨᠢᠭᠡ᠂ ᠭᠤᠣᠯ ᠡᠭᠦᠷᠭᠡ ᠴᠢᠳᠠᠪᠭᠢ | ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠪᠠ | ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠣᠨ᠂ ᠡᠯ᠎ᠡ ᠵᠦᠢᠯ ᠤᠨ ᠳᠦᠷᠢᠮ | ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠶᠠᠷ︶ ᠨᠠᠮ ᠤᠨ ᠤᠯᠤᠰ ᠲᠥᠷᠥ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ | ᠬᠢᠵᠦ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠦᠵᠡᠯ ᠰᠠᠨᠠᠭ᠎ᠠ ᠶᠣᠰᠣ ᠰᠤᠷᠲᠠᠬᠤᠨ ᠤ | ᠪᠠᠶᠢᠭᠤᠯᠤᠯᠲᠠ ᠶᠢ ᠴᠢᠩᠭᠠᠳᠬᠠᠨ᠂ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠤᠨ ᠪᠣᠯᠪᠠᠰᠤᠨ ᠤ | ᠳᠠᠪᠰᠢᠯᠲᠠ ᠶᠢ ᠠᠬᠢᠭᠤᠯᠤᠨ᠎ᠠ᠃ ᠠᠷᠠᠳ ᠤᠨ ᠵᠡᠪᠰᠡᠭᠲᠦ ᠬᠦᠴᠦᠨ᠂ ᠨᠢᠭᠡᠳᠦᠮᠡᠯ ᠹᠷᠣᠨᠲ᠂ ᠦᠨᠳᠦᠰᠦᠲᠡᠨ ᠤ | ᠪᠦᠯᠬᠦᠮᠳᠡᠯ᠂ ᠱᠠᠰᠢᠨ ᠰᠤᠷᠲᠠᠬᠤᠨ ᠵᠡᠷᠭᠡ ᠠᠵᠢᠯ ᠢ ᠰᠠᠶᠢᠲᠤᠷ ᠬᠢᠨ᠎ᠡ᠃ ᠦᠨᠳᠦᠰᠦᠨ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠵᠤ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠠ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠨ᠎ᠡ᠃ | ︽ᠭᠤᠷᠪᠠᠨ ᠶᠠᠪᠤᠳᠠᠯ ᠢ ᠢᠯᠡ ᠪᠣᠯᠭᠠᠬᠤ︾ ᠠᠵᠢᠯ ᠢ ᠰᠠᠶᠢᠲᠤᠷ ᠬᠢᠵᠦ᠂ ᠰᠢᠢᠳᠪᠦᠷᠢᠲᠦ ᠪᠤᠳᠤᠯᠭ᠎ᠠ ᠶᠢᠨ ᠢᠯᠡ | ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠭᠤᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠬᠤᠰᠢᠭᠤᠨ ᠳᠠᠬᠢ | ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠪᠠᠯᠭᠠᠰᠤᠨ ᠤ ᠠᠵᠤ ᠠᠬᠤᠶ ᠶᠢᠨ ᠪᠥᠲᠥᠭᠡᠨ | ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ | ᠲᠣᠭᠲᠠᠭᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ | ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃ | ︵ᠲᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠤᠯᠪᠣᠭᠳᠠᠯ | ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠠᠵᠤ ᠦᠢᠯᠡᠰ ᠤᠨ ᠲᠥᠯᠥᠪᠵᠢᠭᠦᠯᠭᠡ ᠶᠢᠨ ᠬᠥᠭᠵᠢᠯᠲᠡ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠵᠢᠴᠢ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠤᠨ᠂ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠠᠷᠠᠳ ᠤᠯᠠᠨ ᠤ ᠠᠮᠢᠳᠤᠷᠠᠯ ᠤᠨ ᠬᠢᠷᠢ | ᠲᠦᠪᠰᠢᠨ ᠢ ᠰᠠᠶᠢᠵᠢᠷᠠᠭᠤᠯᠤᠨ᠎ᠠ᠃ | ︵ᠲᠠᠪᠤ︶ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ | ᠮᠡᠷᠭᠡᠵᠢᠯ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠦᠯᠬᠦᠮ ᠵᠡᠷᠭᠡ ᠠᠵᠢᠯ ᠢ | ᠰᠠᠶᠢᠲᠤᠷ ᠬᠢᠵᠦ᠂ ᠲᠠᠷᠢᠶᠠᠴᠢᠨ ᠮᠠᠯᠴᠢᠳ ᠤᠨ ᠨᠠᠰᠤᠵᠢᠯ ᠤᠨ ᠳᠠᠭᠠᠳᠬᠠᠯ ᠪᠣᠯᠤᠨ ᠬᠤᠷᠰᠢᠭᠰᠠᠨ ᠡᠮ ᠡᠮᠨᠡᠯᠭᠡ ᠵᠡᠷᠭᠡ | ᠨᠡᠶᠢᠭᠡᠮ ᠨᠡᠶᠢᠲᠡ ᠶᠢᠨ ᠠᠰᠠᠷᠠᠮᠵᠢ ᠶᠢᠨ ᠦᠢᠯᠡᠰ ᠢ ᠠᠬᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ | ᠭᠠᠮᠰᠢᠭ ᠠᠴᠠ ᠠᠪᠤᠷᠠᠬᠤ᠂ ᠨᠡᠶᠢᠭᠡᠮ ᠤᠨ ᠲᠤᠰᠠᠯᠠᠮᠵᠢ᠂ ᠬᠠᠷᠠᠭᠠᠯᠵᠠᠬᠤ ᠡᠳᠡᠭᠡᠳ᠂ ᠵᠡᠮᠳᠡᠭᠴᠦᠳ ᠵᠡᠷᠭᠡ ᠣᠷᠣᠯᠭ᠎ᠠ | ᠪᠠᠭᠠᠲᠠᠶ ᠬᠥᠮᠦᠰ ᠵᠢᠴᠢ ᠪᠠᠭᠤᠷᠠᠶᠢᠴᠤᠤᠯ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ | ᠬᠢᠨ᠎ᠡ᠃ | ︵ᠵᠢᠷᠭᠤᠭ᠎ᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ | ᠴᠠᠭᠠᠵᠠ ᠶᠢᠨ ᠦᠢᠯᠡᠴᠢᠯᠡᠭᠡ ᠶᠢ ᠥᠷᠨᠢᠭᠦᠯᠤᠨ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ | ᠵᠤᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ | ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ | ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠣᠣᠷᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ | ︵ᠳᠤᠯᠤᠭ᠎ᠠ︶ ᠬᠠᠷᠢᠶ᠎ᠠ ᠣᠷᠣᠨ ᠤ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ | ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠭ᠎ᠠ | ᠲᠣᠭᠤᠷᠢᠭ ᠤᠨ ᠠᠳᠠᠯ ᠠᠬᠤᠶ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ | ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ᠪᠤᠯᠪᠠᠰᠤᠨ ᠬᠤᠲᠠ ᠶᠢ | ᠡᠭᠦᠳᠦᠨ ᠪᠠᠶᠢᠭᠤᠯᠬᠤ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠦᠭᠦᠭᠡᠷᠦᠮᠵᠢ ᠶᠢᠨ ᠲᠥᠯᠥᠪᠵᠢᠭᠦᠯᠭᠡ᠂ ᠵᠠᠮ ᠬᠠᠷᠢᠯᠴᠠᠭᠠᠨ ᠤ ᠬᠠᠮᠢᠶᠠᠷᠤᠯᠲᠠ | ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠲᠠᠯᠪᠢᠯᠳᠡ᠂ | ᠣᠷᠴᠢᠨ ᠲᠣᠭᠤᠷᠢᠨ ᠢ ᠬᠠᠮᠠᠭᠠᠯᠠᠬᠤ᠂ ᠬᠠᠭᠤᠴᠢᠨ ᠪᠠᠭ᠎ᠠ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ | ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃ | ︵ᠨᠠᠢᠮᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠶᠡᠷᠦᠩᠬᠡᠶᠢᠯᠡᠭᠰᠡᠨ ᠪᠠᠲᠤᠯᠠᠭ᠎ᠠ ᠪᠣᠯᠤᠨ ᠮᠡᠷᠭᠡᠵᠢᠯ ᠳᠡᠯᠭᠡᠷᠡᠭᠦᠯᠬᠦ ᠵᠡᠷᠭᠡ | ᠠᠵᠢᠯ ᠢ ᠰᠠᠶᠢᠲᠤᠷ ᠠᠳᠬᠤᠨ᠎ᠠ᠃ | ︵ᠶᠢᠰᠦ︶ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠵᠣᠬᠢᠶᠠᠨ | ᠪᠠᠶᠢᠭᠤᠯᠤᠯᠲᠠ ᠶᠢᠨ ᠴᠤᠭᠴᠠᠯᠠᠯᠳᠠ ᠪᠠ ᠳᠦᠷᠢᠮ ᠤᠨ ᠪᠠᠶᠢᠭᠤᠯᠤᠯᠲᠠ ᠶᠢ ᠵᠢᠯᠣᠭᠤᠳᠴᠤ᠂ ᠣᠯᠠᠨ ᠲᠦᠮᠡᠨ ᠢ | ᠳᠠᠶᠢᠴᠢᠯᠠᠨ ᠣᠯᠠᠨ ᠲᠦᠮᠡᠨ ᠳᠤ ᠦᠢᠯᠡᠴᠢᠯᠡᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ | ᠵᠥᠪᠯᠡᠯ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠦᠮᠦᠵᠢᠭᠦᠯᠵᠦ ᠪᠠᠶᠢᠭᠠᠳ ᠬᠠᠤᠯᠢ ᠶᠣᠰᠣᠭᠠᠷ ᠭᠦᠢᠴᠡᠳᠬᠡᠪᠡᠰᠦ | ᠵᠣᠬᠢᠬᠤ ᠡᠭᠦᠷᠭᠡ ᠪᠠᠨ ᠭᠦᠢᠴᠡᠳᠬᠡᠬᠦ ᠵᠡᠷᠭᠡ ᠲᠠᠯ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ | ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ | ᠪᠡᠶᠡᠯᠡᠭᠦᠯᠦᠨ᠎ᠡ᠃ |