ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/4/30
       ᠨᠢᠭᠡ᠂ ᠭᠤᠤᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠢᠩᠭᠠᠨ ᠠᠶᠢᠮᠠᠭ ᠤᠨ ︽ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠢ ᠬᠥᠭᠵᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠬᠦ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠪᠣᠳᠠᠲᠠᠶ ᠡᠭᠦᠷᠭᠡ ᠬᠠᠷᠢᠭᠤᠴᠠᠯᠭ᠎ᠠ ᠶᠢ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠣᠲᠣᠭᠠᠳᠤ ᠶᠢᠨ ᠪᠠᠶᠢᠭᠤᠯᠤᠮᠵᠢ ᠠᠴᠠ ᠡᠭᠦᠷᠭᠡᠯᠡᠨ᠎ᠡ᠃    ︵ᠬᠤᠶᠠᠷ︶ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ ᠳᠠᠭᠠᠭᠠᠨ ᠠᠪᠴᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠦᠬᠦᠭᠡᠷᠦᠮᠵᠢ ᠪᠠ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠤᠶᠤᠨ ᠤ ᠪᠣᠯᠪᠠᠰᠤᠨ᠂ ᠲᠠᠷᠢᠶᠠᠯᠠᠬᠤ ᠰᠢᠯᠢᠳᠡᠭ ᠰᠣᠶᠣᠯ ᠪᠣᠯᠤᠨ ᠲᠠᠯ᠎ᠠ ᠨᠤᠲᠤᠭ ᠤᠨ ᠰᠣᠶᠣᠯ ᠤᠨ ᠪᠠᠶᠢᠭᠤᠯᠤᠯᠲᠠ ᠶᠢ ᠲᠦᠷᠦᠭᠦᠯᠡᠨ ᠵᠣᠬᠢᠴᠠᠭᠤᠯᠤᠨ ᠵᠢᠯᠣᠭᠤᠳᠤᠨ᠎ᠠ᠃    ︵ᠭᠤᠷᠪᠠ︶ ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠦᠨᠳᠦᠰᠦᠨ ᠡᠵᠡᠩᠨᠡᠯᠲᠡ ᠶᠢᠨ ᠲᠦᠷᠢᠮ ᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃    ︵ᠳᠥᠷᠪᠡ︶ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠲᠥᠷᠥ ᠶᠢᠨ ᠪᠣᠳᠣᠯᠭ᠎ᠠ᠂ ᠲᠥᠰᠦᠯ ᠢ ᠬᠠᠷᠢᠭᠤᠴᠠᠨ ᠲᠣᠭᠲᠠᠭᠠᠨ᠎ᠠ᠃    ︵ᠲᠠᠪᠤ︶ ᠪᠥᠬᠦ ᠬᠤᠰᠢᠭᠤᠨ ᠤ ᠶᠡᠭᠡ ᠬᠡᠮᠵᠢᠶᠡᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃    ︵ᠵᠢᠷᠭᠤᠭ᠎ᠠ︶ ᠪᠥᠬᠦ ᠬᠤᠰᠢᠭᠤᠨ ᠤ ᠲᠠᠷᠢᠮᠠᠯ ᠤᠨ ᠦᠢᠯᠡᠰ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠵᠡᠷᠭᠡ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠠᠮᠢᠶ᠎ᠠ ᠪᠥᠬᠦᠶ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠲᠤᠯᠤᠭ᠎ᠠ︶ ᠲᠠᠷᠢᠶᠠᠯᠠᠩ ᠮᠠᠯ ᠠᠵᠤ ᠠᠬᠤᠶ ᠤᠰᠤᠨ ᠭᠠᠷᠤᠯᠲᠠ ᠶᠢᠨ ᠪᠦᠳᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠬᠢᠨᠠᠨ ᠬᠡᠮᠵᠢᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    ︵ᠨᠠᠢᠮᠠ︶ ᠲᠠᠷᠢᠶᠠᠯᠠᠩ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠠᠵᠢᠯ   ᠢ ᠬᠠᠷᠢᠭᠤᠴᠠᠨ ᠵᠢᠯᠣᠭᠤᠳᠤᠨ᠎ᠠ᠃    ︵ᠶᠢᠰᠦ︶ ᠬᠤᠯᠪᠣᠭᠳᠠᠯ ᠪᠥᠬᠦᠢ ᠲᠠᠷᠢᠶᠠᠯᠠᠩ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃    ︵ᠠᠷᠪᠠ︶ ᠲᠠᠷᠢᠮᠠᠯ᠂ ᠲᠡᠵᠢᠭᠡᠯ ᠡᠪᠡᠰᠦᠨ ᠤ ᠡᠪᠡᠳᠴᠢᠨ ᠬᠤᠷᠣᠬᠠᠶ ᠶᠢᠨ ᠬᠥᠨᠥᠭᠡᠯ᠂ ᠮᠠᠯ ᠵᠢᠭᠦᠷᠲᠡᠨ ᠪᠣᠯᠤᠨ ᠤᠰᠤᠨ ᠤ ᠠᠮᠢᠳᠤ ᠪᠣᠳᠠᠰ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃    ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃    ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠲᠡᠳᠬᠦᠬᠦ ᠬᠤᠯᠪᠣᠭᠳᠠᠯ ᠪᠥᠬᠦᠢ ᠡᠳ᠋ ᠤᠨ ᠵᠠᠰᠠᠭ   ᠤᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ᠎ᠠ᠃    ︵ᠠᠷᠪᠠᠨ ᠭᠤᠷᠪᠠ︶ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠯᠥᠪᠯᠡᠭᠡ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠨ᠎ᠠ᠃    ︵ᠠᠷᠪᠠᠨ ᠳᠥᠷᠪᠡ︶ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠬᠥᠮᠦᠵᠢᠭᠦᠯᠬᠦ ᠠᠵᠢᠯ ᠢ ᠬᠠᠷᠢᠭᠤᠴᠠᠨ ᠥᠷᠨᠢᠭᠦᠯᠦᠨ᠎ᠡ᠃    ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠭᠠᠳᠠᠭᠠᠳᠤ ᠯᠤᠭ᠎ᠠ ᠬᠤᠷᠰᠢᠯᠴᠠᠬᠤ ᠠᠵᠢᠯ ᠥᠷᠨᠢᠭᠦᠯᠬᠦ ᠶᠢ ᠡᠭᠦᠷᠭᠡᠯᠡᠨ᠎ᠡ᠃    ︵ᠠᠷᠪᠠᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号