ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
ᠨᠡᠶᠢᠲᠡᠯᠡᠭᠰᠡᠨ ᠴᠠᠭ᠄
2024/4/30
      ᠨᠢᠭᠡ᠂ ᠭᠤᠣᠯ ᠡᠭᠦᠷᠭᠡ ᠬᠠᠷᠢᠭᠤᠴᠠᠯᠭ᠎ᠠ᠄    ︵ᠨᠢᠭᠡ︶ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠠᠵᠢᠯ ᠤᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠢᠵᠢ ᠪᠦᠷᠢᠳᠦᠭᠦᠯᠬᠦ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠬᠤᠰᠢᠭᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ ᠰᠠᠨᠠᠭᠤᠯᠭ᠎ᠠ ᠳᠤᠷᠠᠳᠬᠤ  ᠶᠢ ᠡᠭᠦᠷᠭᠡᠯᠡᠨ᠎ᠡ᠃    ︵ᠭᠤᠷᠪᠠ︶ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ ᠴᠣᠮᠬᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡᠳᠦᠯᠲᠡᠶ ᠰᠢᠰᠲ᠋ᠧᠮ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠬᠠᠷᠢᠭᠤᠴᠠᠨ ᠦᠷᠨᠢᠭᠦᠯᠦᠨ᠎ᠡ    ︵ᠲᠦᠷᠪᠡ︶ ᠪᠥᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠤᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠴᠢ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠥᠷᠨᠢᠭᠦᠯᠬᠦ ᠶᠢ ᠵᠢᠯᠣᠭᠤᠳᠴᠤ ᠵᠣᠬᠢᠴᠠᠭᠤᠯᠵᠤ ᠬᠢᠨᠠᠯᠲᠠ ᠲᠠᠯᠪᠢᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠢᠴᠢ ᠬᠠᠮᠢᠶ᠎ᠠ ᠪᠥᠬᠦᠶ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃    ︵ᠲᠠᠪᠤ︶ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠤᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠣᠨ ᠤ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠠᠰᠠᠭᠤᠨ ᠯᠠᠪᠯᠠᠬᠤ᠂ ᠵᠠᠭᠠᠯᠳᠤᠬᠤ᠂ ᠰᠠᠨᠠᠭᠤᠯᠭ᠎ᠠ ᠳᠤᠷᠠᠳᠬᠤ ᠠᠵᠢᠯ ᠢ ᠬᠦᠯᠢᠶᠡᠨ ᠠᠪᠴᠤ ᠰᠢᠢᠳᠪᠦᠷᠢᠯᠡᠨ᠎ᠡ᠃    ︵ᠵᠢᠷᠭᠤᠭ᠎ᠠ︶ ᠪᠥᠬᠦ ᠬᠤᠰᠢᠭᠤᠨ ᠤ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠵᠢᠯᠣᠭᠤᠳᠴᠤ᠂ ᠵᠣᠬᠢᠴᠠᠭᠤᠯᠤᠨ᠂ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠥᠬᠦᠮ ᠦᠵᠡᠭᠦᠯᠬᠦ ᠪᠤᠯᠭᠠᠨ᠎ᠠ᠃    ︵ᠳᠤᠯᠤᠭ᠎ᠠ︶ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠤᠨ ᠵᠠᠰᠠᠭ ᠤᠨ ᠶᠠᠪᠤᠳᠠᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ ᠬᠤᠰᠢᠭᠤᠨ ᠤ ᠰᠦᠯᠵᠢᠶᠡᠨ ᠳᠡᠭᠡᠷᠡᠬᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠬᠤᠰᠢᠭᠤᠨ ᠤ ᠰᠦᠯᠵᠢᠶᠡᠨ ᠳᠡᠭᠡᠷᠡᠬᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠭᠤᠯᠭ᠎ᠠ ᠶᠢᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠬᠤᠰᠢᠭᠤᠨ ᠤ ᠰᠦᠯᠵᠢᠶᠡᠨ ᠳᠡᠭᠡᠷᠡᠬᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠬᠢᠭᠡᠳ ᠬᠢᠩᠭᠠᠨ ᠠᠶᠢᠮᠠᠭ ᠤᠨ ᠰᠦᠯᠵᠢᠶᠡᠨ ᠳᠡᠭᠡᠷᠡᠬᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠦᠯᠵᠢᠶᠡᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠨᠠᠢᠮᠠ︶ ᠪᠥᠬᠦ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠯᠳᠠ ᠬᠠᠮᠢᠶᠠᠷᠤᠯᠳᠠ︾ ᠶᠢᠨ ᠬᠡᠷᠡᠭᠯᠡᠯᠲᠡ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯᠧᠺᠲᠷᠤᠨ ᠬᠢᠨᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ᠃    ︵ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号