ᠮᠤᠩᠭᠤᠯ ᠡᠮ ᠡᠮᠨᠡᠯᠭᠡ ᠶᠢᠨ ᠲᠠᠪᠠᠭᠤᠯᠢᠭ ᠢ ᠭᠦᠢᠴᠡᠳ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2024/4/8
    3 ᠰᠠᠷ᠎ᠠ ᠶᠢᠨ 27 ᠤ ᠡᠳᠦᠷ᠂ ᠵᠠᠯᠠᠶᠢᠳ ᠬᠤᠰᠢᠭᠤᠨ ᠤ ᠪᠠᠶᠠᠠᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠹᠢᠽᠢᠺ ᠵᠠᠰᠠᠯ ᠤᠨ ᠲᠠᠰᠤᠭ ᠲᠤ᠂ ᠵᠦ ᠴᠠᠩ ᠵᠢᠶᠠᠩ ᠡᠪᠡᠳᠴᠢᠲᠡᠨ ᠳᠤ ᠵᠡᠭᠦᠤ ᠲᠥᠭᠡᠨᠡᠯᠭᠡ ᠪᠤᠯᠤᠨ ᠢᠯᠢᠯᠭᠡ ᠬᠢᠵᠦ ᠪᠠᠶᠢᠯ᠎ᠠ᠃ ᠣᠶᠢᠷ᠎ᠠ ᠶᠢᠨ ᠵᠢᠯ ᠳᠤ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠬᠡᠷᠡᠭᠴᠡᠭᠡ ᠶᠢ ᠲᠠᠰᠤᠷᠠᠯᠲᠠ ᠦᠭᠡᠶ ᠬᠠᠩᠭᠠᠨ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ ᠶᠢᠨ ᠲᠦᠯᠦᠭᠡ᠂ ᠪᠠᠶᠠᠠᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠮᠣᠩᠭᠤᠯ ᠡᠮ ᠡᠮᠨᠡᠯᠭᠡ ᠶᠢᠨ ᠤᠨᠴᠠᠯᠢᠭᠳᠤ ᠳᠠᠪᠠᠭᠤᠯᠢᠭ ᠢ ᠭᠦᠨᠵᠡᠭᠡᠶ ᠠᠭᠤᠳᠠᠯᠬᠤ ᠶᠢᠨ ᠬᠠᠮᠲᠤ ᠣᠯᠠᠮᠵᠢᠯᠠᠨ ᠪᠠᠳᠠᠷᠠᠭᠤᠯᠵᠤ᠂ ᠤᠯᠠᠮᠵᠢᠯᠠᠯᠲᠤ ᠮᠣᠩᠭᠤᠯ ᠡᠮ ᠡᠮᠨᠡᠯᠭᠡ ᠶᠢ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠯᠦᠭᠡ ᠤᠶᠠᠯᠳᠤᠭᠤᠯᠬᠤ ᠶᠢ ᠠᠬᠢᠭᠤᠯᠤᠨ᠂ ᠮᠣᠩᠭᠤᠯ ᠡᠮ ᠡᠮᠨᠡᠯᠭᠡ ᠶᠢᠨ ᠤᠳᠠᠭᠠᠨ ᠴᠢᠨᠠᠷᠲᠠᠶ ᠠᠷᠬᠠᠭ ᠡᠪᠡᠳᠴᠢᠨ ᠢ ᠵᠠᠰᠠᠬᠤ ᠪᠠ ᠢᠯᠡᠷᠡᠭᠡᠳᠦᠢ ᠡᠪᠡᠳᠴᠢᠨ ᠢ ᠵᠠᠰᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃                                           ᠲᠧᠩ ᠮᠢᠶᠣᠣ ᠰᠢᠨ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号