3800 ᠭᠠᠷᠤᠶ ᠢᠩᠲᠣᠣᠷ ᠤᠨ ᠮᠣᠳᠣ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠳᠤ ᠨᠤᠲᠤᠭᠰᠢᠪᠠ
ᠨᠡᠶᠢᠲᠡᠯᠡᠭᠰᠡᠨ ᠴᠠᠭ᠄
2024/4/8
   ᠤᠢᠢᠷ᠎ᠠ ᠳᠤ᠂ ᠰᠤᠷᠪᠤᠯᠵᠢᠯᠠᠭᠴᠢ ᠵᠠᠯᠠᠶᠢᠳ ᠬᠤᠰᠢᠭᠤᠨ ᠤ ᠢᠩᠲᠣᠣᠷ ᠤᠨ ᠠᠵᠤ ᠦᠢᠯᠡᠰ ᠤᠨ ᠬᠦᠷᠢᠶᠡᠯᠡᠩ ᠳᠤ 3800 ᠭᠠᠷᠤᠢ ᠢᠩᠲᠣᠣᠷ ᠤᠨ ᠮᠣᠳᠣ ᠶᠢ ᠠᠵᠢᠯᠴᠢᠳ ᠤᠨ ᠨᠠᠷᠢᠨ ᠨᠢᠮᠪᠠᠢ ᠬᠠᠷᠠᠭᠠᠯᠵᠠᠯ ᠳᠣᠣᠷ᠎ᠠ ᠠᠮᠵᠢᠯᠲᠠ ᠲᠠᠢ ᠪᠠᠷ ᠰᠢᠯᠵᠢᠭᠦᠯᠦᠨ ᠵᠠᠶᠢᠯᠠᠭᠰᠠᠨ ᠢ ᠣᠯᠵᠤ ᠬᠠᠷᠠᠵᠠᠢ᠃    ᠵᠠᠯᠠᠶᠢᠳ ᠬᠤᠰᠢᠭᠤᠨ ᠤ ᠢᠩᠲᠣᠣᠷ ᠤᠨ ᠲᠠᠷᠢᠶᠠᠯᠠᠩ ᠭᠡᠷᠡᠯ ᠤᠨ ᠬᠠᠷᠢᠯᠴᠠᠨ ᠨᠥᠬᠦᠪᠥᠷᠢᠯᠡᠬᠦ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠡᠵᠡᠯᠡᠬᠦ ᠲᠠᠯᠠᠪᠠᠶ ᠨᠢ 1100 ᠮᠥ᠂ 2023 ᠣᠨ ᠤ 8 ᠰᠠᠷ᠎ᠠ ᠳᠤ ᠪᠠᠷᠢᠯᠭ᠎ᠠ ᠡᠬᠢᠯᠡᠭᠦᠯᠦᠨ᠂ ᠲᠠᠷᠢᠶᠠᠯᠠᠩ ᠪᠠ ᠬᠡᠷᠡᠯ ᠤᠨ ᠬᠠᠷᠢᠯᠴᠠᠨ ᠨᠥᠬᠦᠪᠥᠷᠢᠯᠡᠬᠦ ᠣᠳᠣᠬᠢᠴᠢᠯᠠᠭᠰᠠᠨ ᠬᠦᠯᠡᠮᠵᠢ ᠶᠢ 109  ᠰᠢᠨ᠎ᠡ ᠪᠠᠷ ᠪᠠᠶᠢᠭᠤᠯᠵᠤ᠂ ᠢᠩᠲᠣᠣᠷ ᠤᠨ ᠮᠣᠳᠣ ᠶᠢ 11000 ᠳᠠᠷᠢᠵᠤ ᠂ ᠢᠩᠲᠣᠣᠷ ᠤᠨ ︽ᠳᠠᠯᠠᠩ ᠢᠶᠠᠷ ᠳᠠᠷᠢᠵᠤ ᠤᠷᠭᠤᠭᠤᠯᠬᠤ + ᠥᠷᠭᠡᠨ ᠳᠠᠷᠢᠵᠤ ᠨᠢᠭᠲᠠ ᠳᠠᠷᠢᠬᠤ + ᠥᠨᠳᠥᠷ ᠬᠡᠷᠡᠯ ᠤᠨ ᠠᠰᠢᠭᠯᠠᠮᠵᠢᠳᠤ ᠮᠣᠳᠣᠨ ᠤ ᠬᠡᠯᠪᠡᠷᠢ + ᠳᠤᠯᠠᠭᠠᠨ ᠤ ᠡᠵᠡᠮᠳᠡᠯ ᠤᠨ ᠠᠦ᠋ᠲ᠋ᠣᠴᠢᠯᠠᠯᠲᠠ + ᠬᠡᠷᠡᠯ ᠨᠥᠬᠦᠪᠥᠷᠢᠯᠡᠬᠦ ᠮᠡᠷᠭᠡᠵᠢᠯ + ᠤᠰᠤ ᠪᠣᠷᠲᠣᠭᠤᠷ ᠢ ᠨᠢᠭᠡ ᠴᠤᠭᠴᠠᠵᠢᠭᠤᠯᠬᠤ + ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ︾ ᠳᠡᠭᠡᠳᠦ ᠰᠢᠯᠢᠳᠡᠭ ᠳᠠᠷᠢᠵᠤ ᠤᠷᠭᠤᠭᠤᠯᠬᠤ ᠮᠡᠷᠭᠡᠵᠢᠯ ᠤᠨ ᠵᠠᠭᠪᠤᠷ ᠢ ᠪᠠᠶᠢᠭᠤᠯᠬᠤ ᠶᠢᠨ ᠬᠠᠮᠲᠤ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠲᠠᠪᠴᠠᠩ ᠢ ᠢᠵᠢ ᠪᠥᠷᠢᠳᠦᠭᠦᠯᠦᠨ ᠤᠭᠰᠠᠷᠠᠵᠤ᠂ ᠣᠶᠤᠨᠴᠢ ᠴᠠᠭᠠᠷᠢᠭ ᠡᠵᠡᠮᠳᠡᠯ ᠤᠨ ᠰᠢᠰᠲ᠋ᠧᠮ ᠤᠨ ᠨᠠᠷᠢᠯᠢᠭ ᠣᠨᠣᠴᠠᠲᠠᠶ ᠬᠠᠮᠢᠶᠠᠷᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ     ︽ᠮᠠᠨ ᠤ ᠠᠵᠤ ᠦᠢᠯᠡᠰ ᠤᠨ ᠬᠦᠷᠢᠶᠡᠯᠡᠩ ᠲᠤᠭ᠎ᠠ ᠪᠠᠷᠢᠮᠲᠠ ᠶᠢ ᠬᠢᠨᠠᠨ ᠬᠡᠮᠵᠢᠬᠦ᠂ ᠳᠤᠯᠠᠭᠠᠨ ᠢ ᠨᠡᠮᠡᠭᠳᠡᠭᠦᠯᠵᠦ ᠳᠤᠯᠠᠭᠠᠨ ᠢ ᠪᠠᠭᠤᠷᠠᠭᠤᠯᠬᠤ ᠲᠥᠬᠦᠭᠡᠷᠦᠮᠵᠢ᠂ ᠲᠠᠷᠢᠶᠠᠯᠠᠩ ᠤᠨ ᠶᠠᠪᠤᠳᠠᠯ ᠤᠨ ᠬᠠᠮᠢᠶᠠᠷᠤᠯᠲᠠ᠂ ᠲᠠᠷᠢᠮᠠᠯ ᠢ ᠬᠢᠨᠠᠨ ᠬᠡᠮᠵᠢᠬᠦ ᠵᠡᠷᠭᠡ ᠰᠢᠰᠲ᠋ᠧᠮ ᠢᠶᠠᠷ ᠳᠠᠮᠵᠢᠭᠤᠯᠤᠨ᠂ ᠵᠠᠬ᠎ᠠ ᠳᠡᠯᠭᠡᠭᠦᠷ ᠲᠤ ᠭᠠᠷᠬᠤ ᠴᠠᠭ ᠢ ᠬᠢᠵᠠᠭᠠᠷᠯᠠᠵᠤ᠂ ᠢᠩᠲᠣᠣᠷ ᠤᠨ ᠪᠣᠷᠣᠯᠠᠭᠤᠯᠤᠯᠲᠠ ᠶᠢᠨ ᠬᠥᠭᠵᠢᠯᠳᠡᠳᠡᠢ ᠤᠯᠠᠷᠢᠯ ᠠᠴᠠ ᠵᠠᠶᠢᠯᠠᠵᠤ ᠪᠣᠯᠤᠨ᠎ᠠ᠂ ᠡᠨᠡ ᠵᠢᠯ ᠤᠨ ᠲᠡᠭᠦᠬᠦ ᠦᠨ᠎ᠡ ᠨᠢ ᠵᠢᠩ ᠪᠦᠷᠢ ᠳᠡᠭᠡᠨ 100 ᠲᠥᠭᠦᠷᠢᠭ ᠠᠴᠠ ᠳᠡᠭᠡᠭᠰᠢ ᠪᠣᠯᠬᠤ ᠪᠣᠯᠤᠨ᠎ᠠ︾ ᠭᠡᠵᠦ ᠵᠠᠯᠠᠶᠢᠳ ᠬᠤᠰᠢᠭᠤᠨ ᠤ ᠬᠤᠸᠠ ᠱᠧᠩ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠴᠧᠨ ᠳ᠋ᠡ ᠴᠦᠨ ᠲᠠᠨᠢᠯᠴᠠᠭᠤᠯᠪᠠ᠃    ᠵᠠᠯᠠᠶᠢᠳ ᠬᠤᠰᠢᠭᠤᠨ ᠤ ᠬᠤᠸᠠ ᠱᠧᠩ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠡᠨᠡ ᠵᠢᠯ ᠮᠧᠶ ᠽᠣᠣ᠂ ᠧ ᠪᠠ ᠵᠡᠷᠭᠡ ᠳᠥᠷᠪᠡᠨ ᠵᠦᠢᠯ ᠤᠨ 3800 ᠭᠠᠷᠤᠶ ᠢᠩᠲᠣᠣᠷ ᠤᠨ ᠮᠣᠳᠣ ᠶᠢ ᠰᠣᠩᠭᠤᠨ ᠳᠠᠷᠢᠵᠤ᠂ ᠨᠠᠢᠮᠠᠨ ᠰᠠᠷ᠎ᠠ ᠳᠤ ᠢᠩᠲᠣᠣᠷ ᠨᠢ ᠪᠣᠯᠪᠠᠰᠤᠷᠠᠬᠤ ᠶᠢᠨ ᠬᠠᠮᠲᠤ ᠲᠡᠭᠦᠵᠦ ᠪᠣᠷᠣᠯᠠᠭᠤᠯᠬᠤ ᠪᠣᠯᠤᠨ᠎ᠠ᠃     ᠢᠨᠳᠡᠷ ᠪᠠᠯᠭᠠᠰᠤᠨ ᠤ ᠴᠠᠩ ᠹᠠ ᠲᠣᠰᠬᠤᠨ ᠳᠤ᠂ ᠡᠳᠦᠷ ᠪᠦᠷᠢ ᠲᠣᠰᠬᠤᠨ ᠤ ᠠᠷᠠᠳ ᠴᠧᠨ ᠳ᠋ᠡ ᠴᠦᠨ ᠠᠴᠠ ᠢᠩᠲᠣᠣᠷ ᠤᠨ ᠮᠣᠳᠣᠨ ᠤ ᠲᠠᠷᠢᠮᠠᠯ ᠤᠨ ᠮᠡᠷᠭᠡᠵᠢᠯ᠂ ᠭᠠᠷᠤᠯᠲᠠ ᠶᠢᠨ ᠦᠷᠳᠡᠭ ᠵᠡᠷᠭᠡ ᠪᠠᠶᠢᠳᠠᠯ ᠢ ᠠᠰᠠᠭᠤᠨ ᠯᠠᠪᠯᠠᠵᠤ᠂ ᠪᠠᠰᠠ 10 ᠭᠠᠷᠤᠢ ᠲᠣᠰᠬᠤᠨ ᠤ ᠠᠷᠠᠳ ᠢᠩᠲᠣᠣᠷ ᠲᠠᠷᠢᠬᠤ ᠠᠵᠢᠯ ᠳᠤ ᠣᠷᠣᠯᠴᠠᠵᠤ᠂ ᠡᠳᠦᠷ ᠪᠦᠷᠢ ᠶᠢᠨ ᠴᠠᠯᠢᠩ ᠨᠢ 200 ᠲᠥᠭᠦᠷᠢᠭ ᠣᠷᠴᠢᠮ ᠬᠦᠷᠴᠡᠢ᠃    ᠵᠠᠯᠠᠶᠢᠳ ᠬᠤᠰᠢᠭᠤᠨ ᠤ ᠲᠣᠮᠣ ᠢᠩᠲᠣᠣᠷ ᠤᠨ ᠲᠠᠷᠢᠶᠠᠯᠠᠩ ᠬᠡᠷᠡᠯ ᠤᠨ ᠬᠠᠷᠢᠯᠴᠠᠨ ᠨᠥᠬᠦᠪᠥᠷᠢᠯᠡᠬᠦ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠬᠡᠷᠡᠭᠵᠢᠭᠦᠯᠦᠭᠰᠡᠨ ᠨᠢ ᠭᠠᠳᠠᠭᠰᠢ ᠴᠢᠭᠯᠡᠭᠦᠯᠦᠭᠰᠡᠨ ᠲᠥᠬᠦᠭᠡᠷᠦᠮᠵᠢ ᠶᠢᠨ ᠲᠠᠷᠢᠶᠠᠯᠠᠩ ᠦᠢᠯᠡᠳᠪᠤᠷᠢᠯᠡᠯ ᠤᠨ ᠲᠠᠯᠠᠪᠠᠶ ᠶᠢ ᠲᠣᠭᠲᠠᠭᠤᠨ ᠢᠶᠠᠷ ᠥᠷᠭᠡᠳᠬᠡᠬᠦ ᠳᠤ ᠵᠢᠱᠢᠶ᠎ᠡ ᠦᠵᠡᠭᠦᠯᠪᠡ᠃ ︽ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠬᠤ︾ ︽ᠲᠠᠷᠢᠶᠠᠯᠠᠩ ᠪᠠ ᠬᠡᠷᠡᠯ ᠢ ᠬᠠᠷᠢᠯᠴᠠᠨ ᠨᠥᠬᠦᠪᠥᠷᠢᠯᠡᠬᠦ︾ ᠶᠡᠷᠦᠩᠬᠡᠶᠢᠯᠡᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠤᠨ᠂ ᠵᠠᠯᠠᠶᠢᠳ ᠬᠤᠰᠢᠭᠤᠨ ᠤ ᠲᠠᠷᠢᠶᠠᠯᠠᠩ ᠤᠨ ᠪᠦᠲᠦᠴᠡ ᠶᠢ ᠰᠢᠯᠢᠳᠡᠭᠵᠢᠭᠦᠯᠦᠨ ᠳᠣᠭᠢᠷᠠᠭᠤᠯᠬᠤ ᠪᠠ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠠᠷᠢᠶᠠᠯᠠᠩ ᠪᠠ ᠬᠡᠷᠡᠯ ᠢ ᠬᠠᠷᠢᠯᠴᠠᠨ ᠨᠥᠬᠦᠪᠥᠷᠢᠯᠡᠬᠦ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠤᠯᠠᠮ ᠨᠢᠭᠡ ᠠᠯᠬᠤᠮ ᠠᠬᠢᠭᠤᠯᠬᠤ ᠳᠤ ᠰᠠᠭᠤᠷᠢ ᠲᠠᠯᠪᠢᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠦᠨ᠎ᠡ᠃                                            ᠰᠢᠤ ᠰᠢᠤ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号