| 4 ᠰᠠᠷ᠎ᠠ ᠶᠢᠨ 5 ᠤ ᠡᠳᠦᠷ᠂ ᠵᠠᠯᠠᠶᠢᠳ ᠬᠤᠰᠢᠭᠤ ᠪᠥᠬᠦ ᠬᠤᠰᠢᠭᠤ ᠰᠢᠶᠠᠨ ᠤ ᠱᠠᠲᠤᠨ ᠤ ᠳᠡᠭᠡᠳᠦ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠳᠡᠭᠡᠳᠦ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ᠬᠤᠷᠠᠯ ᠢ ᠡᠷᠭᠢᠯᠡᠪᠡ᠃ | ᠬᠤᠷᠠᠯ ᠠᠴᠠ᠂ ᠪᠦᠬᠦ ᠬᠤᠰᠢᠭᠤ ᠪᠠᠷ ᠢᠶᠠᠨ ᠬᠤᠰᠢᠭᠤ ᠰᠢᠶᠠᠨ ᠤ ᠱᠠᠲᠤᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠡᠨᠡ ᠵᠢᠯ ᠤᠨ ᠠᠵᠢᠯ ᠤᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠠᠳᠬᠤᠵᠤ᠂ ︽ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠬᠤ᠂ ᠦᠨᠡᠨ ᠠᠴᠠ ᠵᠥᠪ ᠢ ᠡᠷᠢᠬᠦ᠂ ᠲᠦᠷᠦ ᠶᠢᠨ ᠪᠤᠳᠤᠯᠭ᠎ᠠ ᠲᠠᠢ ᠨᠡᠶᠢᠴᠡᠬᠦ᠂ ᠦᠨᠳᠦᠰᠦᠨ | ᠱᠠᠲᠤᠨ ᠳᠤ ᠵᠤᠬᠢᠴᠠᠬᠤ᠂ ᠪᠣᠳᠠᠲᠠᠢ ᠲᠠᠢ ᠨᠡᠶᠢᠴᠡᠭᠦᠯᠬᠦ᠂ ᠡᠯ᠎ᠡ ᠲᠠᠯ᠎ᠠ ᠶᠢᠨ ᠬᠢᠨ ᠬᠠᠨᠤᠮᠵᠢᠲᠠᠢ ᠪᠠᠶᠢᠬᠤ︾ ᠶᠡᠷᠦᠩᠬᠡᠢ | ᠬᠠᠷᠠᠯᠲᠠ ᠶᠢᠨ ᠶᠣᠰᠣᠭᠠᠷ᠂ ᠤᠳᠤᠷᠢᠳᠬᠤ ᠳᠤᠭᠤᠶᠢᠯᠠᠩ ᠤᠨ ᠳᠣᠲᠣᠭᠠᠳᠤ ᠶᠢᠨ ᠪᠠᠶᠢᠭᠤᠯᠤᠮᠵᠢ ᠶᠢᠨ ᠡᠭᠦᠷᠭᠡ | ᠴᠢᠳᠠᠪᠬᠢ ᠡᠭᠦᠷᠭᠡ ᠬᠠᠷᠢᠭᠤᠴᠠᠯᠭ᠎ᠠ ᠶᠢ ᠴᠢᠨᠠᠭᠰᠢᠳᠠ ᠲᠣᠳᠣᠷᠬᠠᠶᠢᠯᠠᠵᠤ᠂ ᠠᠵᠢᠯ ᠤᠨ ᠠᠭᠤᠯᠭ᠎ᠠ ᠪᠣᠯᠤᠨ ᠠᠵᠢᠯ ᠤᠨ | ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢ ᠪᠣᠳᠠᠲᠠᠢ ᠪᠠᠷ ᠨᠠᠷᠢᠯᠢᠬᠵᠢᠭᠤᠯᠬᠤ ᠬᠡᠷᠡᠭᠳᠡᠢ᠃ ︽ᠨᠢᠭᠡ ᠠᠯᠪᠠᠨ ᠬᠡᠷ᠂ | ᠵᠢᠷᠭᠤᠭᠠᠨ ᠳᠤᠭᠤᠶᠢᠯᠠᠩ᠂ ᠳᠥᠷᠪᠡᠨ ᠬᠡᠰᠡᠭ ᠣᠷᠣᠨ︾ ᠨᠢ ᠶᠡᠭᠡ ᠲᠠᠯ᠎ᠠ ᠶᠢᠨ ᠦᠵᠡᠯ ᠤᠬᠠᠮᠰᠠᠷ ᠢ ᠪᠠᠲᠤ ᠪᠠᠬᠢ | ᠪᠣᠶ ᠪᠣᠯᠭᠠᠨ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠵᠤ᠂ ᠵᠣᠬᠢᠴᠠᠭᠤᠯᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠵᠦᠶ | ᠵᠣᠬᠢᠰᠲᠠᠶ ᠳᠣᠭᠢᠷᠠᠭᠤᠯᠬᠤ ᠬᠡᠷᠡᠭᠲᠡᠶ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ | ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠭᠡᠨ᠂ ᠨᠢᠭᠲᠠ ᠬᠠᠮᠵᠢᠯᠴᠠᠨ᠂ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠣᠶ | ᠪᠣᠯᠭᠠᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠬᠢᠨᠠᠯᠲᠠ | ᠲᠠᠯᠪᠢᠬᠤ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠪᠠᠨ ᠴᠢᠩᠭᠠᠳᠬᠠᠵᠤ᠂ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠤᠨ ᠬᠢᠨ ᠰᠢᠯᠭᠠᠨ ᠦᠨᠡᠯᠡᠬᠦ ᠶᠢ ᠤᠷᠮᠠᠰᠢᠭᠤᠯᠬᠤ ᠰᠢᠰᠲ᠋ᠧᠮ ᠢ ᠲᠡᠭᠦᠯᠳᠡᠷᠵᠢᠭᠦᠯᠤᠨ᠂ | ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨ ᠬᠢᠨᠠᠨ ᠪᠤᠳᠤᠵᠤ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ | ᠬᠢᠨᠠᠯᠲᠠ ᠲᠠᠯᠪᠢᠬᠤ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ᠂ ᠪᠦᠬᠦ ᠶᠠᠪᠤᠴᠠ ᠪᠠᠷ ᠬᠢᠨᠠᠨ | ᠪᠠᠶᠢᠴᠠᠭᠠᠵᠤ ᠬᠢᠨᠠᠨ ᠬᠠᠮᠢᠶᠠᠷᠴᠤ᠂ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠤᠨ᠂ ᠲᠦᠷᠦᠯ | ᠵᠦᠢᠯ ᠢ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠬᠤᠷᠠᠯ ᠠᠴᠠ᠂ ︽ᠯᠠᠪᠳᠠᠭᠤᠨ ᠪᠠᠲᠤᠲᠠᠶ ᠡᠮᠬᠢ ᠵᠢᠷᠤᠮ ᠲᠠᠢ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠴᠠᠭ | ᠬᠤᠭᠤᠴᠠᠭ᠎ᠠ ᠶᠢ ᠨᠠᠨᠳᠢᠩᠨᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠠᠵᠢᠯ ᠤᠨ ᠵᠠᠷᠴᠢᠮ ᠢ ᠪᠠᠷᠢᠮᠲᠠᠯᠠᠵᠤ᠂ | ᠰᠢᠨᠵᠢᠯᠡᠬᠦ ᠤᠬᠠᠭᠠᠨᠴᠢ ᠥᠨᠳᠥᠷ ᠦᠷ᠎ᠡ ᠪᠦᠲᠦᠮᠵᠢᠲᠡᠶ ᠲᠥᠷᠥᠯ ᠵᠦᠢᠯ ᠢ ᠵᠢᠷᠤᠭᠯᠠᠨ ᠲᠥᠯᠥᠪᠯᠡᠬᠦ᠂ ᠬᠠᠤᠯᠢ | ᠲᠣᠭᠲᠠᠭᠠᠯ ᠶᠣᠰᠣᠭᠠᠷ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠶᠠᠪᠤᠴᠠ ᠶᠢ ᠴᠢᠩᠭ᠎ᠠ | ᠵᠢᠷᠤᠮᠵᠢᠭᠤᠯᠤᠨ ᠬᠠᠮᠢᠶᠠᠷᠤᠨ ᠡᠵᠡᠮᠳᠡᠬᠦ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ | ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠬᠢᠭᠡᠳ ᠬᠠᠷ᠎ᠠ ᠬᠥᠷᠥᠰᠥ ᠶᠢ | ᠬᠠᠮᠠᠭᠠᠯᠠᠬᠤ ᠪᠠ ᠲᠠᠷᠢᠶᠠᠨ ᠭᠠᠵᠠᠷ ᠢ ᠬᠠᠮᠠᠭᠠᠯᠠᠬᠤ ᠶᠢ ᠬᠠᠷᠢᠯᠴᠠᠨ ᠤᠶᠠᠯᠳᠤᠭᠤᠯᠬᠤ ᠵᠡᠷᠭᠡ ᠴᠢᠬᠤᠯᠠ ᠠᠵᠢᠯ ᠢ | ᠲᠣᠪᠤᠶᠢᠮ᠎ᠠ ᠰᠠᠶᠢᠲᠤᠷ ᠠᠳᠬᠤᠵᠤ᠂ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠬᠦ ᠪᠠ ᠦᠢᠯᠡᠳᠦᠯᠭᠡᠵᠢᠭᠦᠯᠤᠨ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠡᠷᠡᠭᠯᠡᠵᠦ ᠪᠣᠯᠬᠤ᠂ | ᠯᠠᠪᠯᠠᠯᠲᠠ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ︽ᠵᠠᠯᠠᠶᠢᠳ ᠤᠨ ᠵᠠᠭᠪᠤᠷ︾ ᠢ ᠪᠣᠶ ᠪᠣᠯᠭᠠᠬᠤ ᠬᠡᠷᠡᠭᠳᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠤᠰᠢᠭᠤᠨ ᠤ ᠤᠳᠤᠷᠢᠳᠤᠯᠭ᠎ᠠ ᠴᠢ ᠯᠢᠨ ᠨᠡᠷ ᠬᠤᠷᠠᠯ ᠳᠤ ᠣᠷᠣᠯᠴᠠᠪᠠ᠃ |