| 4 ᠰᠠᠷ᠎ᠠ ᠶᠢᠨ 2 ᠤᠨ ᠡᠳᠦᠷ᠂ ᠵᠠᠯᠠᠶᠢᠳ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ | ᠠᠪᠴᠢᠷᠠᠬᠤ ᠲᠥᠷᠥᠯ ᠵᠦᠢᠯ ᠤᠨ ᠥᠪᠥᠷ ᠮᠣᠩᠭᠤᠯ ᠤᠨ ᠭᠥᠸᠧ ᠵᠢᠢ ᠢ ᠯᠦᠩ ︽ᠲᠠᠪᠤ ᠶᠢ ᠨᠢᠭᠡ | ᠴᠤᠭᠴᠠᠵᠢᠭᠤᠯᠤᠭᠰᠠᠨ︾ ᠤᠰᠤ ᠠᠷᠪᠢᠯᠠᠬᠤ ᠤᠰᠤᠯᠠᠯᠲᠠ ᠶᠢᠨ ᠰᠢᠰᠲ᠋ᠧᠮ ᠤᠨ ᠲᠣᠭᠠᠴᠢᠯᠠᠭᠰᠠᠨ ᠵᠥᠭᠡᠯᠡᠨ ᠪᠡᠶᠡᠲᠦ | ᠤᠰᠤᠨ ᠵᠣᠭᠤᠷᠢ ᠶᠢᠨ ᠲᠥᠷᠥᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ | ᠥᠪᠥᠷ ᠮᠣᠩᠭᠤᠯ ᠤᠨ ᠭᠥᠸᠧ ᠵᠢᠢ ᠢ ᠯᠦᠩ ᠤᠰᠤ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠥᠭᠡᠯᠡᠨ ᠪᠡᠶᠡᠲᠦ ᠤᠰᠤᠨ ᠵᠣᠭᠤᠷᠢ ᠶᠢᠨ ᠦᠢᠯᠡᠳᠪᠦᠷᠢᠯᠡᠯ ᠤᠨ | ᠦᠢᠯᠡᠳᠪᠦᠷᠢ ᠪᠠᠷ ᠬᠦᠷᠬᠦ ᠳᠤ᠂ ᠠᠵᠢᠯᠴᠢᠳ ᠶᠠᠭ ᠰᠠᠶ᠋ᠢᠬᠠᠨ ᠵᠥᠭᠡᠯᠡᠨ ᠪᠡᠶᠡᠲᠦ ᠤᠰᠤᠨ ᠵᠣᠭᠤᠷᠢ ᠶᠢᠨ ᠵᠣᠭᠤᠷᠢ ᠶᠢ | ᠭᠠᠩᠨᠠᠵᠤ᠂ ᠶᠠᠭᠠᠷᠠᠯᠲᠠᠢ ᠪᠥᠭᠡᠳ ᠡᠮᠬᠢ ᠳᠢᠭᠯᠢᠮ ᠲᠠᠢ ᠪᠠᠶᠢᠳᠠᠯ ᠢᠯᠡᠷᠡᠵᠦ ᠪᠠᠶᠢᠯ᠎ᠠ᠃ | ᠭᠦᠸᠧ ᠵᠢᠶ ᠢ ᠯᠦᠩ ︵ᠹᠥᠸᠧ ᠱᠠᠨ︶ ᠡᠨᠧᠷᠭᠢ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠳᠡᠯᠡᠬᠡᠶ ᠶᠢᠨ 500 ᠬᠦᠴᠦᠷᠬᠡᠭ ᠳᠤᠮᠳᠠᠳᠤ ᠤᠯᠤᠰ ᠤᠨ ᠮᠧᠬᠠᠨᠢᠭ ᠤᠨ | ᠠᠵᠤ ᠦᠢᠯᠡᠳᠪᠤᠷᠢ ᠶᠢᠨ ᠪᠦᠯᠦᠭᠯᠡᠯ ᠠᠴᠠ ᠬᠤᠪᠢ ᠡᠵᠡᠮᠳᠡᠨ ᠪᠠᠯᠠ ᠣᠷᠣᠭᠤᠯᠵᠤ᠂ ᠳᠡᠯᠡᠬᠡᠶ ᠶᠢᠨ ᠲᠡᠷᠢᠭᠦᠨ ᠤ | ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠤᠰᠤ ᠠᠷᠪᠢᠯᠠᠬᠤ ᠤᠰᠤᠯᠠᠯᠲᠠ ᠶᠢᠨ ᠰᠢᠷᠢᠰ ᠦᠢᠯᠡᠳᠭᠦᠨ ᠢ | ᠰᠤᠳᠤᠯᠤᠨ ᠦᠢᠯᠡᠳᠪᠤᠷᠢᠯᠡᠵᠦ ᠪᠠᠶᠢᠭ᠎ᠠ ᠠᠵᠤ ᠠᠬᠤᠶᠢᠯᠠᠯ ᠮᠥᠨ᠂ ᠭᠤᠤᠯᠳᠠᠭᠤ ᠰᠢᠨ᠎ᠡ ᠮᠠᠲ᠋ᠧᠷᠢᠶᠠᠯ ᠤᠨ ᠵᠥᠭᠡᠯᠡᠨ | ᠪᠡᠶᠡᠲᠦ ᠤᠰᠤᠨ ᠵᠣᠭᠤᠷᠢ ᠶᠢᠨ ᠤᠭᠤᠲᠠ᠂ ᠰᠢᠨ᠎ᠡ ᠬᠡᠯᠪᠡᠷᠢ ᠶᠢᠨ ᠵᠥᠭᠡᠯᠡᠨ ᠪᠡᠶᠡᠲᠦ ᠪᠣᠷᠣᠭᠠᠨ ᠤ ᠤᠰᠤ | ᠴᠤᠭᠯᠠᠭᠤᠯᠬᠤ ᠵᠣᠭᠤᠷᠢ ᠵᠢᠴᠢ ᠰᠢᠨ᠎ᠡ ᠮᠠᠲ᠋ᠧᠷᠢᠶᠠᠯ ᠤᠨ ᠵᠥᠭᠡᠯᠡᠨ ᠪᠡᠶᠡᠲᠦ ᠨᠠᠮᠤᠭ ᠤᠨ ᠬᠡᠶ ᠶᠢᠨ ᠲᠠᠲᠠᠭᠠᠯ ᠤᠨ | ᠲᠥᠬᠦᠭᠡᠷᠦᠮᠵᠢ᠂ ᠪᠠᠷᠢᠯᠭ᠎ᠠ ᠶᠢᠨ ᠪᠦᠷᠬᠦᠭᠦᠯ ᠮᠠᠲ᠋ᠧᠷᠢᠶᠠᠯ ᠵᠡᠷᠭᠡ ᠦᠢᠯᠡᠳᠭᠦᠨ ᠢ ᠡᠵᠡᠩᠨᠡᠵᠦ ᠪᠣᠶ᠃ ︽ᠲᠠᠪᠤ ᠶᠢ | ᠨᠢᠭᠡ ᠴᠤᠭᠴᠠᠵᠢᠭᠤᠯᠤᠭᠰᠠᠨ︾ ᠤᠰᠤ ᠠᠷᠪᠢᠯᠠᠬᠤ ᠤᠰᠤᠯᠠᠯᠲᠠ ᠶᠢᠨ ᠰᠢᠰᠲ᠋ᠧᠮ ᠳᠤ ᠭᠤᠤ ᠰᠤᠪᠠᠭ ᠤᠨ | ᠬᠠᠰᠢᠯᠭ᠎ᠠ ᠶᠢᠨ ᠤᠰᠤ ᠬᠠᠳᠠᠭᠠᠯᠠᠬᠤ ᠢᠨᠵᠧᠨᠧᠷᠢᠩ᠂ ᠨᠡᠷᠡᠨ ᠡᠨᠧᠷᠭᠢ ᠶᠢᠨ ᠬᠡᠷᠡᠯ ᠴᠡᠨᠡᠭ ᠢᠶᠠᠷ ᠤᠰᠤ ᠲᠠᠲᠠᠬᠤ | ᠰᠢᠰᠲ᠋ᠧᠮ᠂ ᠲᠣᠭᠠᠴᠢᠯᠠᠭᠰᠠᠨ ᠤᠰᠤᠨ ᠵᠣᠭᠤᠷᠢ᠂ ᠤᠰᠤ ᠪᠣᠷᠲᠣᠭᠤᠷ ᠢ ᠨᠢᠭᠡ ᠴᠤᠭᠴᠠᠵᠢᠭᠤᠯᠬᠤ᠂ ᠠᠢ ᠨᠥᠩ | ᠶᠦᠨ ᠬᠠᠮᠢᠶᠠᠷᠤᠯᠲᠠ ᠶᠢᠨ ᠲᠠᠪᠴᠠᠩ ᠪᠠᠭᠲᠠᠨ᠎ᠠ᠂ ᠡᠨᠡ ᠨᠢ ᠬᠠᠭᠤᠷᠠᠶ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠤᠷᠤᠭᠰᠢᠲᠠᠶ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠳᠤ᠂ ᠲᠤᠭᠠᠴᠢᠯᠠᠭᠰᠠᠨ | ᠵᠥᠭᠡᠯᠡᠨ ᠪᠡᠶᠡᠲᠦ ᠤᠰᠤᠨ ᠵᠣᠭᠤᠷᠢ ᠶᠢᠨ ᠲᠥᠷᠥᠯ ᠵᠦᠢᠯ ᠤᠨ ᠲᠠᠯᠠᠪᠠᠶ ᠨᠢ 100 ᠮᠥ ᠪᠠᠶᠢᠵᠤ᠂ ᠨᠡᠶᠢᠲᠡ 5000 | ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠂ ᠣᠳᠣᠬᠠᠨ ᠳᠤ ᠲᠤᠭᠠᠴᠢᠯᠠᠭᠰᠠᠨ ᠵᠥᠭᠡᠯᠡᠨ | ᠪᠡᠶᠡᠲᠦ ᠤᠰᠤᠨ ᠵᠣᠭᠤᠷᠢ ᠶᠢᠨ ᠲᠥᠷᠥᠯ ᠵᠦᠢᠯ ᠨᠢᠭᠡᠨᠲᠡ ᠦᠢᠯᠡᠳᠪᠤᠷᠢᠯᠡᠯ ᠳᠤ ᠣᠷᠣᠵᠤ᠂ ᠵᠢᠱᠢᠯᠲᠡ ᠪᠠᠷ ᠡᠨᠡ | ᠵᠢᠯ ᠤᠨ ᠳᠣᠤᠷ᠎ᠠ ᠬᠠᠭᠠᠰ ᠵᠢᠯ ᠳᠤ ᠠᠰᠢᠭᠯᠠᠯᠲᠠ ᠳᠤ ᠣᠷᠣᠬᠤ ᠪᠣᠯᠤᠨ᠎ᠠ᠃ ᠲᠣᠰ ᠵᠥᠭᠡᠯᠡᠨ ᠪᠡᠶᠡᠲᠦ ᠤᠰᠤᠨ | ᠵᠣᠭᠤᠷᠢ ᠶᠢᠨ ᠲᠥᠷᠥᠯ ᠵᠦᠢᠯ ᠢ ᠲᠣᠮᠣ ᠮᠣᠯᠧᠺᠦ᠋ᠯ ᠤᠨ ᠮᠠᠲ᠋ᠧᠷᠢᠶᠠᠯ ᠢᠶᠠᠷ ᠬᠢᠵᠦ ᠪᠦᠲᠦᠭᠡᠭᠰᠡᠨ ᠪᠥᠭᠡᠳ ᠶᠡᠭᠡ | ᠬᠡᠪᠴᠢᠶ᠎ᠡ ᠪᠠᠷ ᠤᠰᠤ ᠬᠠᠳᠠᠭᠠᠯᠠᠬᠤ᠂ ᠤᠰᠤ ᠨᠥᠬᠦᠵᠦ ᠤᠰᠤᠯᠠᠬᠤ᠂ ᠨᠠᠮᠤᠷ ᠤᠨ ᠬᠤᠷ᠎ᠠ ᠶᠢ ᠬᠠᠪᠤᠷ ᠬᠡᠷᠡᠭᠯᠡᠬᠦ᠂ | ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ | ᠬᠡᠷᠡᠭᠴᠡᠭᠡ ᠶᠢ ᠬᠠᠩᠭᠠᠵᠤ ᠪᠣᠯᠤᠨ᠎ᠠ᠃ ᠡᠭᠦᠨ ᠤ ᠬᠠᠮᠲᠤ ᠵᠥᠭᠡᠯᠡᠨ ᠪᠡᠶᠡᠲᠦ ᠵᠣᠭᠤᠷᠢ ᠨᠢ ᠣᠷᠴᠢᠨ ᠲᠣᠭᠤᠷᠢᠨ ᠳᠤ | ᠵᠤᠬᠢᠴᠠᠬᠤ ᠪᠦᠲᠦᠭᠡᠭᠳᠡᠬᠦᠨ ᠪᠠ ᠮᠠᠲ᠋ᠧᠷᠢᠶᠠᠯ ᠢ ᠬᠡᠷᠡᠭᠯᠡᠵᠦ᠂ ᠭᠠᠵᠠᠷ ᠰᠢᠷᠣᠶ ᠶᠢᠨ ᠬᠠᠲᠠᠭᠤᠷᠠᠯ ᠪᠠ ᠠᠮᠢ ᠠᠬᠤᠶ | ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠮᠠᠰᠢ ᠰᠠᠶᠢᠨ | ᠠᠮᠢ ᠠᠬᠤᠶ ᠶᠢᠨ ᠦᠷ᠎ᠡ ᠠᠰᠢᠭ ᠢ ᠪᠡᠶᠡᠯᠡᠭᠦᠯᠦᠨ᠎ᠡ᠃ | ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠭᠥᠸᠧ ᠵᠢᠢ ᠢ ᠯᠦᠩ ᠤᠰᠤ ᠠᠷᠪᠢᠯᠠᠬᠤ | ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠣᠨᠤᠭ ᠲᠥᠬᠦᠭᠡᠷᠦᠮᠵᠢ ᠶᠢ ᠤᠯᠠᠮ | ᠨᠢᠭᠡ ᠠᠯᠬᠤᠮ ᠣᠷᠣᠭᠤᠯᠤᠨ ᠠᠪᠴᠢᠷᠠᠵᠤ᠂ ᠲᠣᠮᠣ ᠮᠣᠯᠧᠺᠦ᠋ᠯ ᠤᠨ ᠲᠦᠷᠬᠢᠮᠡᠯ ᠪᠥᠰ ᠤᠨ ᠦᠢᠯᠡᠳᠪᠤᠷᠢᠯᠡᠯ ᠤᠨ | ᠱᠤᠭᠤᠮ᠂ ᠤᠰᠤ ᠪᠣᠷᠳᠣᠭᠤᠷ ᠢ ᠨᠢᠭᠡ ᠴᠤᠭᠴᠠᠵᠢᠭᠤᠯᠤᠨ ᠢᠵᠢ ᠪᠥᠷᠢᠳᠦᠭᠦᠯᠬᠦ ᠬᠤᠭᠤᠯᠠᠶ ᠶᠢᠨ ᠮᠠᠲ᠋ᠧᠷᠢᠶᠠᠯ ᠤᠨ | ᠦᠢᠯᠡᠳᠪᠤᠷᠢᠯᠡᠯ ᠤᠨ ᠱᠤᠭᠤᠮ ᠵᠡᠷᠭᠡ ᠶᠢ ᠪᠥᠲᠥᠭᠡᠨ ᠪᠠᠶᠢᠭᠤᠯᠵᠤ᠂ ᠲᠤᠬᠠᠶ ᠶᠢᠨ ᠦᠶ᠎ᠡ ᠳᠤ ᠵᠠᠯᠠᠶᠢᠳ | ᠬᠤᠰᠢᠭᠤᠨ ᠤ ᠬᠢᠨ ᠵᠥᠭᠡᠯᠡᠨ ᠪᠡᠶᠡᠲᠦ ᠪᠣᠷᠣᠭᠠᠨ ᠤ ᠤᠰᠤ ᠶᠢ ᠴᠤᠭᠯᠠᠭᠤᠯᠤᠨ ᠤᠰᠤ ᠠᠷᠪᠢᠯᠠᠬᠤ ᠤᠰᠤᠯᠠᠯᠲᠠ ᠶᠢᠨ | ᠰᠢᠨ᠎ᠡ ᠵᠠᠭᠪᠤᠷ ᠢ ᠨᠡᠭᠡᠭᠡᠬᠦ ᠪᠣᠯᠤᠨ᠎ᠠ᠃ ᠲᠣᠰ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ | ᠂ ᠵᠢᠯ ᠳᠤ 3 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ ᠢ ᠪᠡᠶᠡᠯᠡᠭᠦᠯᠵᠦ᠂ ᠵᠢᠱᠢᠯᠲᠡ ᠪᠠᠷ 150 | ᠭᠠᠷᠤᠶ ᠬᠥᠮᠦᠨ ᠤ ᠠᠵᠢᠯ ᠣᠯᠭᠤᠯᠲᠠ ᠶᠢ ᠳᠠᠶᠢᠴᠢᠯᠠᠨ᠎ᠠ᠃ | ︽ᠲᠣᠭᠠᠴᠢᠯᠠᠭᠰᠠᠨ ᠵᠥᠭᠡᠯᠡᠨ ᠪᠡᠶᠡᠲᠦ ᠤᠰᠤᠨ ᠵᠣᠭᠤᠷᠢ ᠶᠢᠨ ᠲᠥᠷᠥᠯ ᠵᠦᠢᠯ ᠪᠣᠯ ᠮᠠᠨ ᠤ ᠺᠣᠮᠫᠠᠨᠢ ᠶᠢᠨ | ᠵᠠᠯᠠᠶᠢᠳ ᠬᠤᠰᠢᠭᠤᠨ ᠳᠤ ᠲᠥᠯᠥᠪᠵᠢᠭᠦᠯᠦᠨ ᠪᠥᠲᠥᠭᠡᠨ ᠪᠠᠶᠢᠭᠤᠯᠤᠭᠰᠠᠨ ᠨᠢᠭᠡᠳᠦᠭᠡᠷ ᠬᠤᠭᠤᠴᠠᠭᠠᠨ ᠤ ᠲᠥᠷᠥᠯ | ᠵᠦᠢᠯ ᠪᠣᠯᠤᠨ᠎ᠠ᠂ ᠲᠣᠰ ᠲᠥᠷᠥᠯ ᠵᠦᠢᠯ ᠵᠢᠯ ᠳᠤ 150 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ | ᠦᠢᠯᠡᠳᠪᠤᠷᠢᠯᠡᠨ᠎ᠡ᠂ ᠡᠭᠦᠨ ᠢ ᠵᠠᠯᠠᠶᠢᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ | ᠵᠦᠢᠯ ᠳᠤ ᠢᠵᠢ ᠪᠥᠷᠢᠳᠦᠭᠦᠯᠦᠨ ᠬᠡᠷᠡᠭᠯᠡᠨ᠎ᠡ᠂ ᠲᠣᠰ ᠲᠥᠷᠥᠯ ᠵᠦᠢᠯ ᠤᠨ ᠭᠠᠷᠤᠯᠲᠠ ᠶᠢ ᠨᠡᠮᠡᠭᠳᠡᠭᠦᠯᠵᠦ | ᠣᠷᠣᠯᠭ᠎ᠠ ᠶᠢ ᠨᠡᠮᠡᠭᠳᠡᠭᠦᠯᠬᠦ ᠣᠷᠣᠨ ᠵᠠᠶ ᠶᠢ ᠶᠡᠭᠡ ᠪᠠᠷ ᠨᠡᠮᠡᠭᠳᠡᠭᠦᠯᠵᠦ᠂ ᠲᠤᠬᠠᠶ ᠶᠢᠨ ᠦᠶ᠎ᠡ ᠳᠤ ᠠᠮᠤ ᠪᠤᠳᠠᠭᠠᠨ ᠤ | ᠮᠥ ᠪᠦᠷᠢ ᠶᠢᠨ ᠤᠨᠠᠯᠲᠠ ᠶᠢ 30% ᠣᠷᠴᠢᠮ ᠨᠡᠮᠡᠭᠳᠡᠭᠦᠯᠦᠨ᠎ᠡ︾ ᠭᠡᠵᠦ ᠥᠪᠥᠷ ᠮᠣᠩᠭᠤᠯ ᠤᠨ ᠭᠥᠸᠧ ᠵᠢᠢ ᠢ | ᠯᠦᠩ ᠤᠰᠤ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠲᠤᠰᠢᠶᠠᠯ ᠬᠠᠷᠢᠭᠤᠴᠠᠵᠤ ᠪᠠᠶᠢᠭ᠎ᠠ ᠦᠢᠯᠡᠳᠪᠦᠷᠢ ᠶᠢᠨ ᠳᠠᠷᠤᠭ᠎ᠠ ᠽᠧᠩ ᠮᠢᠩ ᠮᠢᠨ ᠬᠡᠯᠡᠪᠡ᠃ |