ᠪᠥᠬᠦ ᠬᠤᠰᠢᠭᠤ ᠰᠢᠶᠠᠨ ᠤ ᠱᠠᠲᠤᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠤᠨ ᠲᠤᠬᠠᠢ ᠳᠠᠳᠠᠯᠭᠠᠨ
ᠨᠡᠶᠢᠲᠡᠯᠡᠭᠰᠡᠨ ᠴᠠᠭ᠄
2024/4/8
   4 ᠰᠠᠷ᠎ᠠ ᠶᠢᠨ 5 ᠤ ᠡᠳᠦᠷ᠂ ᠵᠠᠯᠠᠶᠢᠳ ᠬᠤᠰᠢᠭᠤ ᠪᠥᠬᠦ ᠬᠤᠰᠢᠭᠤ ᠰᠢᠶᠠᠨ ᠤ ᠱᠠᠲᠤᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ  ᠴᠡᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ᠬᠤᠷᠠᠯ ᠢ ᠡᠷᠭᠢᠯᠡᠪᠡ᠃    ᠬᠤᠷᠠᠯ ᠠᠴᠠ᠂ ᠪᠦᠬᠦ ᠬᠤᠰᠢᠭᠤ ᠪᠠᠷ ᠢᠶᠠᠨ ᠬᠤᠰᠢᠭᠤ ᠰᠢᠶᠠᠨ ᠤ ᠱᠠᠲᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠡᠨᠡ ᠵᠢᠯ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠠᠳᠬᠤᠵᠤ᠂ ︽ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠦᠨᠡᠨ ᠠᠴᠠ ᠵᠥᠪ ᠢ ᠡᠷᠢᠬᠦ᠂ ᠲᠦᠷᠦ ᠶᠢᠨ ᠪᠤᠳᠤᠯᠭ᠎ᠠ ᠲᠠᠢ ᠨᠡᠶᠢᠴᠡᠬᠦ᠂ ᠦᠨᠳᠦᠰᠦᠨ ᠱᠠᠲᠤᠨ ᠳᠤ ᠵᠤᠬᠢᠴᠠᠬᠤ᠂ ᠪᠣᠳᠠᠲᠠᠢ ᠲᠠᠢ ᠨᠡᠶᠢᠴᠡᠭᠦᠯᠬᠦ᠂ ᠡᠯ᠎ᠡ ᠲᠠᠯ᠎ᠠ ᠶᠢᠨ ᠬᠢᠨ ᠬᠠᠨᠤᠮᠵᠢᠲᠠᠢ ᠪᠠᠶᠢᠬᠤ︾ ᠶᠡᠷᠦᠩᠬᠡᠢ ᠬᠠᠷᠠᠯᠲᠠ ᠶᠢᠨ ᠶᠣᠰᠣᠭᠠᠷ᠂ ᠤᠳᠤᠷᠢᠳᠬᠤ ᠳᠤᠭᠤᠶᠢᠯᠠᠩ ᠤᠨ ᠳᠣᠲᠣᠭᠠᠳᠤ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠴᠢᠨᠠᠭᠰᠢᠳᠠ ᠲᠣᠳᠣᠷᠬᠠᠶᠢᠯᠠᠵᠤ᠂ ᠠᠵᠢᠯ ᠤᠨ ᠠᠭᠤᠯᠭ᠎ᠠ ᠪᠣᠯᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢ ᠪᠣᠳᠠᠲᠠᠢ ᠪᠠᠷ ᠨᠠᠷᠢᠯᠢᠬᠵᠢᠭᠤᠯᠬᠤ ᠬᠡᠷᠡᠭᠳᠡᠢ᠃ ︽ᠨᠢᠭᠡ ᠠᠯᠪᠠᠨ ᠬᠡᠷ᠂ ᠵᠢᠷᠭᠤᠭᠠᠨ ᠳᠤᠭᠤᠶᠢᠯᠠᠩ᠂ ᠳᠥᠷᠪᠡᠨ ᠬᠡᠰᠡᠭ ᠣᠷᠣᠨ︾ ᠨᠢ ᠶᠡᠭᠡ ᠲᠠᠯ᠎ᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠨ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠵᠤ᠂ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠬᠤ ᠬᠡᠷᠡᠭᠲᠡᠶ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠨ᠂ ᠨᠢᠭᠲᠠ ᠬᠠᠮᠵᠢᠯᠴᠠᠨ᠂ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠣᠶ ᠪᠣᠯᠭᠠᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠬᠢᠨᠠᠯᠲᠠ ᠲᠠᠯᠪᠢᠬᠤ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠪᠠᠨ ᠴᠢᠩᠭᠠᠳᠬᠠᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠰᠢᠯᠭᠠᠨ ᠦᠨᠡᠯᠡᠬᠦ ᠶᠢ ᠤᠷᠮᠠᠰᠢᠭᠤᠯᠬᠤ ᠰᠢᠰᠲ᠋ᠧᠮ ᠢ ᠲᠡᠭᠦᠯᠳᠡᠷᠵᠢᠭᠦᠯᠤᠨ᠂ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨ ᠬᠢᠨᠠᠨ ᠪᠤᠳᠤᠵᠤ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠬᠢᠨᠠᠯᠲᠠ ᠲᠠᠯᠪᠢᠬᠤ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ᠂ ᠪᠦᠬᠦ ᠶᠠᠪᠤᠴᠠ ᠪᠠᠷ ᠬᠢᠨᠠᠨ ᠪᠠᠶᠢᠴᠠᠭᠠᠵᠤ ᠬᠢᠨᠠᠨ ᠬᠠᠮᠢᠶᠠᠷᠴᠤ᠂ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠤᠨ᠂ ᠲᠦᠷᠦᠯ ᠵᠦᠢᠯ ᠢ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ︽ᠯᠠᠪᠳᠠᠭᠤᠨ ᠪᠠᠲᠤᠲᠠᠶ ᠡᠮᠬᠢ ᠵᠢᠷᠤᠮ ᠲᠠᠢ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠴᠠᠭ ᠬᠤᠭᠤᠴᠠᠭ᠎ᠠ ᠶᠢ ᠨᠠᠨᠳᠢᠩᠨᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠠᠵᠢᠯ ᠤᠨ ᠵᠠᠷᠴᠢᠮ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠥᠨᠳᠥᠷ ᠦᠷ᠎ᠡ ᠪᠦᠲᠦᠮᠵᠢᠲᠡᠶ ᠲᠥᠷᠥᠯ ᠵᠦᠢᠯ ᠢ ᠵᠢᠷᠤᠭᠯᠠᠨ ᠲᠥᠯᠥᠪᠯᠡᠬᠦ᠂ ᠬᠠᠤᠯᠢ ᠲᠣᠭᠲᠠᠭᠠᠯ ᠶᠣᠰᠣᠭᠠᠷ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠶᠠᠪᠤᠴᠠ ᠶᠢ ᠴᠢᠩᠭ᠎ᠠ ᠵᠢᠷᠤᠮᠵᠢᠭᠤᠯᠤᠨ ᠬᠠᠮᠢᠶᠠᠷᠤᠨ ᠡᠵᠡᠮᠳᠡᠬᠦ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠬᠢᠭᠡᠳ ᠬᠠᠷ᠎ᠠ ᠬᠥᠷᠥᠰᠥ ᠶᠢ ᠬᠠᠮᠠᠭᠠᠯᠠᠬᠤ ᠪᠠ ᠲᠠᠷᠢᠶᠠᠨ ᠭᠠᠵᠠᠷ ᠢ ᠬᠠᠮᠠᠭᠠᠯᠠᠬᠤ ᠶᠢ ᠬᠠᠷᠢᠯᠴᠠᠨ ᠤᠶᠠᠯᠳᠤᠭᠤᠯᠬᠤ ᠵᠡᠷᠭᠡ ᠴᠢᠬᠤᠯᠠ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠬᠦ ᠪᠠ ᠦᠢᠯᠡᠳᠦᠯᠭᠡᠵᠢᠭᠦᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠡᠷᠡᠭᠯᠡᠵᠦ ᠪᠣᠯᠬᠤ᠂ ᠯᠠᠪᠯᠠᠯᠲᠠ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ︽ᠵᠠᠯᠠᠶᠢᠳ ᠤᠨ ᠵᠠᠭᠪᠤᠷ︾ ᠢ ᠪᠣᠶ ᠪᠣᠯᠭᠠᠬᠤ ᠬᠡᠷᠡᠭᠳᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠰᠢᠭᠤᠨ ᠤ ᠤᠳᠤᠷᠢᠳᠤᠯᠭ᠎ᠠ ᠴᠢ ᠯᠢᠨ ᠨᠡᠷ ᠬᠤᠷᠠᠯ ᠳᠤ ᠣᠷᠣᠯᠴᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号