ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ ᠲᠥᠷᠥᠯ ᠵᠦᠢᠯ ᠤᠨ ︽ᠲᠠᠪᠤ ᠶᠢ ᠨᠢᠭᠡ ᠴᠤᠭᠴᠠᠵᠢᠭᠤᠯᠤᠭᠰᠠᠨ︾ ᠤᠰᠤ ᠠᠷᠪᠢᠯᠠᠬᠤ ᠤᠰᠤᠯᠠᠯᠲᠠ ᠶᠢᠨ ᠰᠢᠰᠲ᠋ᠧᠮ ᠤᠨ ᠲᠣᠭᠠᠴᠢᠯᠠᠭᠰᠠᠨ ᠵᠥᠭᠡᠯᠡᠨ ᠪᠡᠶᠡᠲᠦ ᠤᠰᠤᠨ ᠵᠣᠭᠤᠷᠢ ᠶᠢᠨ ᠲᠥᠷᠥᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠤᠷᠤᠭᠤᠯᠤᠭᠰᠠᠨ ᠲᠤᠬᠠᠢ ᠳᠡᠮᠳᠡᠭᠯᠡᠯ
ᠨᠡᠶᠢᠲᠡᠯᠡᠭᠰᠡᠨ ᠴᠠᠭ᠄
2024/4/8
   4 ᠰᠠᠷ᠎ᠠ ᠶᠢᠨ 2 ᠤᠨ ᠡᠳᠦᠷ᠂ ᠵᠠᠯᠠᠶᠢᠳ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ ᠲᠥᠷᠥᠯ ᠵᠦᠢᠯ ᠤᠨ ᠥᠪᠥᠷ ᠮᠣᠩᠭᠤᠯ ᠤᠨ ᠭᠥᠸᠧ ᠵᠢᠢ ᠢ ᠯᠦᠩ ︽ᠲᠠᠪᠤ ᠶᠢ ᠨᠢᠭᠡ ᠴᠤᠭᠴᠠᠵᠢᠭᠤᠯᠤᠭᠰᠠᠨ︾ ᠤᠰᠤ ᠠᠷᠪᠢᠯᠠᠬᠤ ᠤᠰᠤᠯᠠᠯᠲᠠ ᠶᠢᠨ ᠰᠢᠰᠲ᠋ᠧᠮ ᠤᠨ ᠲᠣᠭᠠᠴᠢᠯᠠᠭᠰᠠᠨ ᠵᠥᠭᠡᠯᠡᠨ ᠪᠡᠶᠡᠲᠦ ᠤᠰᠤᠨ ᠵᠣᠭᠤᠷᠢ ᠶᠢᠨ ᠲᠥᠷᠥᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃    ᠥᠪᠥᠷ ᠮᠣᠩᠭᠤᠯ ᠤᠨ ᠭᠥᠸᠧ ᠵᠢᠢ ᠢ ᠯᠦᠩ ᠤᠰᠤ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠥᠭᠡᠯᠡᠨ ᠪᠡᠶᠡᠲᠦ ᠤᠰᠤᠨ ᠵᠣᠭᠤᠷᠢ ᠶᠢᠨ ᠦᠢᠯᠡᠳᠪᠦᠷᠢᠯᠡᠯ ᠤᠨ ᠦᠢᠯᠡᠳᠪᠦᠷᠢ ᠪᠠᠷ ᠬᠦᠷᠬᠦ ᠳᠤ᠂ ᠠᠵᠢᠯᠴᠢᠳ ᠶᠠᠭ ᠰᠠᠶ᠋ᠢᠬᠠᠨ ᠵᠥᠭᠡᠯᠡᠨ ᠪᠡᠶᠡᠲᠦ ᠤᠰᠤᠨ ᠵᠣᠭᠤᠷᠢ ᠶᠢᠨ ᠵᠣᠭᠤᠷᠢ ᠶᠢ ᠭᠠᠩᠨᠠᠵᠤ᠂ ᠶᠠᠭᠠᠷᠠᠯᠲᠠᠢ ᠪᠥᠭᠡᠳ ᠡᠮᠬᠢ ᠳᠢᠭᠯᠢᠮ ᠲᠠᠢ ᠪᠠᠶᠢᠳᠠᠯ ᠢᠯᠡᠷᠡᠵᠦ ᠪᠠᠶᠢᠯ᠎ᠠ᠃    ᠭᠦᠸᠧ ᠵᠢᠶ ᠢ ᠯᠦᠩ ︵ᠹᠥᠸᠧ ᠱᠠᠨ︶ ᠡᠨᠧᠷᠭᠢ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠳᠡᠯᠡᠬᠡᠶ ᠶᠢᠨ 500 ᠬᠦᠴᠦᠷᠬᠡᠭ ᠳᠤᠮᠳᠠᠳᠤ ᠤᠯᠤᠰ ᠤᠨ ᠮᠧᠬᠠᠨᠢᠭ ᠤᠨ ᠠᠵᠤ ᠦᠢᠯᠡᠳᠪᠤᠷᠢ ᠶᠢᠨ ᠪᠦᠯᠦᠭᠯᠡᠯ ᠠᠴᠠ ᠬᠤᠪᠢ ᠡᠵᠡᠮᠳᠡᠨ ᠪᠠᠯᠠ ᠣᠷᠣᠭᠤᠯᠵᠤ᠂ ᠳᠡᠯᠡᠬᠡᠶ ᠶᠢᠨ ᠲᠡᠷᠢᠭᠦᠨ ᠤ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠤᠰᠤ ᠠᠷᠪᠢᠯᠠᠬᠤ ᠤᠰᠤᠯᠠᠯᠲᠠ ᠶᠢᠨ ᠰᠢᠷᠢᠰ ᠦᠢᠯᠡᠳᠭᠦᠨ ᠢ ᠰᠤᠳᠤᠯᠤᠨ ᠦᠢᠯᠡᠳᠪᠤᠷᠢᠯᠡᠵᠦ ᠪᠠᠶᠢᠭ᠎ᠠ ᠠᠵᠤ ᠠᠬᠤᠶᠢᠯᠠᠯ ᠮᠥᠨ᠂ ᠭᠤᠤᠯᠳᠠᠭᠤ ᠰᠢᠨ᠎ᠡ ᠮᠠᠲ᠋ᠧᠷᠢᠶᠠᠯ ᠤᠨ ᠵᠥᠭᠡᠯᠡᠨ ᠪᠡᠶᠡᠲᠦ ᠤᠰᠤᠨ ᠵᠣᠭᠤᠷᠢ ᠶᠢᠨ ᠤᠭᠤᠲᠠ᠂ ᠰᠢᠨ᠎ᠡ ᠬᠡᠯᠪᠡᠷᠢ ᠶᠢᠨ ᠵᠥᠭᠡᠯᠡᠨ ᠪᠡᠶᠡᠲᠦ ᠪᠣᠷᠣᠭᠠᠨ ᠤ ᠤᠰᠤ ᠴᠤᠭᠯᠠᠭᠤᠯᠬᠤ ᠵᠣᠭᠤᠷᠢ ᠵᠢᠴᠢ ᠰᠢᠨ᠎ᠡ ᠮᠠᠲ᠋ᠧᠷᠢᠶᠠᠯ ᠤᠨ ᠵᠥᠭᠡᠯᠡᠨ ᠪᠡᠶᠡᠲᠦ ᠨᠠᠮᠤᠭ ᠤᠨ ᠬᠡᠶ ᠶᠢᠨ ᠲᠠᠲᠠᠭᠠᠯ ᠤᠨ ᠲᠥᠬᠦᠭᠡᠷᠦᠮᠵᠢ᠂ ᠪᠠᠷᠢᠯᠭ᠎ᠠ ᠶᠢᠨ ᠪᠦᠷᠬᠦᠭᠦᠯ ᠮᠠᠲ᠋ᠧᠷᠢᠶᠠᠯ ᠵᠡᠷᠭᠡ ᠦᠢᠯᠡᠳᠭᠦᠨ ᠢ ᠡᠵᠡᠩᠨᠡᠵᠦ ᠪᠣᠶ᠃ ︽ᠲᠠᠪᠤ ᠶᠢ ᠨᠢᠭᠡ ᠴᠤᠭᠴᠠᠵᠢᠭᠤᠯᠤᠭᠰᠠᠨ︾ ᠤᠰᠤ ᠠᠷᠪᠢᠯᠠᠬᠤ ᠤᠰᠤᠯᠠᠯᠲᠠ ᠶᠢᠨ ᠰᠢᠰᠲ᠋ᠧᠮ ᠳᠤ ᠭᠤᠤ ᠰᠤᠪᠠᠭ ᠤᠨ ᠬᠠᠰᠢᠯᠭ᠎ᠠ ᠶᠢᠨ ᠤᠰᠤ ᠬᠠᠳᠠᠭᠠᠯᠠᠬᠤ ᠢᠨᠵᠧᠨᠧᠷᠢᠩ᠂ ᠨᠡᠷᠡᠨ ᠡᠨᠧᠷᠭᠢ ᠶᠢᠨ ᠬᠡᠷᠡᠯ ᠴᠡᠨᠡᠭ ᠢᠶᠠᠷ ᠤᠰᠤ ᠲᠠᠲᠠᠬᠤ ᠰᠢᠰᠲ᠋ᠧᠮ᠂ ᠲᠣᠭᠠᠴᠢᠯᠠᠭᠰᠠᠨ ᠤᠰᠤᠨ ᠵᠣᠭᠤᠷᠢ᠂ ᠤᠰᠤ ᠪᠣᠷᠲᠣᠭᠤᠷ ᠢ ᠨᠢᠭᠡ ᠴᠤᠭᠴᠠᠵᠢᠭᠤᠯᠬᠤ᠂  ᠠᠢ ᠨᠥᠩ ᠶᠦᠨ ᠬᠠᠮᠢᠶᠠᠷᠤᠯᠲᠠ ᠶᠢᠨ ᠲᠠᠪᠴᠠᠩ ᠪᠠᠭᠲᠠᠨ᠎ᠠ᠂ ᠡᠨᠡ ᠨᠢ ᠬᠠᠭᠤᠷᠠᠶ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠤᠷᠤᠭᠰᠢᠲᠠᠶ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠳᠤ᠂ ᠲᠤᠭᠠᠴᠢᠯᠠᠭᠰᠠᠨ ᠵᠥᠭᠡᠯᠡᠨ ᠪᠡᠶᠡᠲᠦ ᠤᠰᠤᠨ ᠵᠣᠭᠤᠷᠢ ᠶᠢᠨ ᠲᠥᠷᠥᠯ ᠵᠦᠢᠯ ᠤᠨ ᠲᠠᠯᠠᠪᠠᠶ ᠨᠢ 100 ᠮᠥ ᠪᠠᠶᠢᠵᠤ᠂ ᠨᠡᠶᠢᠲᠡ 5000 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠂ ᠣᠳᠣᠬᠠᠨ ᠳᠤ ᠲᠤᠭᠠᠴᠢᠯᠠᠭᠰᠠᠨ ᠵᠥᠭᠡᠯᠡᠨ ᠪᠡᠶᠡᠲᠦ ᠤᠰᠤᠨ ᠵᠣᠭᠤᠷᠢ ᠶᠢᠨ ᠲᠥᠷᠥᠯ ᠵᠦᠢᠯ ᠨᠢᠭᠡᠨᠲᠡ  ᠦᠢᠯᠡᠳᠪᠤᠷᠢᠯᠡᠯ ᠳᠤ ᠣᠷᠣᠵᠤ᠂ ᠵᠢᠱᠢᠯᠲᠡ ᠪᠠᠷ ᠡᠨᠡ ᠵᠢᠯ ᠤᠨ ᠳᠣᠤᠷ᠎ᠠ ᠬᠠᠭᠠᠰ ᠵᠢᠯ ᠳᠤ ᠠᠰᠢᠭᠯᠠᠯᠲᠠ ᠳᠤ ᠣᠷᠣᠬᠤ ᠪᠣᠯᠤᠨ᠎ᠠ᠃ ᠲᠣᠰ ᠵᠥᠭᠡᠯᠡᠨ ᠪᠡᠶᠡᠲᠦ ᠤᠰᠤᠨ ᠵᠣᠭᠤᠷᠢ ᠶᠢᠨ ᠲᠥᠷᠥᠯ ᠵᠦᠢᠯ ᠢ ᠲᠣᠮᠣ ᠮᠣᠯᠧᠺᠦ᠋ᠯ ᠤᠨ ᠮᠠᠲ᠋ᠧᠷᠢᠶᠠᠯ ᠢᠶᠠᠷ ᠬᠢᠵᠦ ᠪᠦᠲᠦᠭᠡᠭᠰᠡᠨ ᠪᠥᠭᠡᠳ ᠶᠡᠭᠡ ᠬᠡᠪᠴᠢᠶ᠎ᠡ ᠪᠠᠷ ᠤᠰᠤ ᠬᠠᠳᠠᠭᠠᠯᠠᠬᠤ᠂ ᠤᠰᠤ ᠨᠥᠬᠦᠵᠦ ᠤᠰᠤᠯᠠᠬᠤ᠂ ᠨᠠᠮᠤᠷ ᠤᠨ ᠬᠤᠷ᠎ᠠ ᠶᠢ ᠬᠠᠪᠤᠷ ᠬᠡᠷᠡᠭᠯᠡᠬᠦ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠬᠡᠷᠡᠭᠴᠡᠭᠡ ᠶᠢ ᠬᠠᠩᠭᠠᠵᠤ ᠪᠣᠯᠤᠨ᠎ᠠ᠃ ᠡᠭᠦᠨ ᠤ ᠬᠠᠮᠲᠤ ᠵᠥᠭᠡᠯᠡᠨ ᠪᠡᠶᠡᠲᠦ ᠵᠣᠭᠤᠷᠢ ᠨᠢ ᠣᠷᠴᠢᠨ ᠲᠣᠭᠤᠷᠢᠨ ᠳᠤ ᠵᠤᠬᠢᠴᠠᠬᠤ ᠪᠦᠲᠦᠭᠡᠭᠳᠡᠬᠦᠨ ᠪᠠ ᠮᠠᠲ᠋ᠧᠷᠢᠶᠠᠯ ᠢ ᠬᠡᠷᠡᠭᠯᠡᠵᠦ᠂ ᠭᠠᠵᠠᠷ ᠰᠢᠷᠣᠶ ᠶᠢᠨ ᠬᠠᠲᠠᠭᠤᠷᠠᠯ ᠪᠠ ᠠᠮᠢ ᠠᠬᠤᠶ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠮᠠᠰᠢ ᠰᠠᠶᠢᠨ ᠠᠮᠢ ᠠᠬᠤᠶ ᠶᠢᠨ ᠦᠷ᠎ᠡ ᠠᠰᠢᠭ ᠢ ᠪᠡᠶᠡᠯᠡᠭᠦᠯᠦᠨ᠎ᠡ᠃    ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠭᠥᠸᠧ ᠵᠢᠢ ᠢ ᠯᠦᠩ ᠤᠰᠤ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠣᠨᠤᠭ ᠲᠥᠬᠦᠭᠡᠷᠦᠮᠵᠢ ᠶᠢ ᠤᠯᠠᠮ ᠨᠢᠭᠡ ᠠᠯᠬᠤᠮ ᠣᠷᠣᠭᠤᠯᠤᠨ ᠠᠪᠴᠢᠷᠠᠵᠤ᠂ ᠲᠣᠮᠣ ᠮᠣᠯᠧᠺᠦ᠋ᠯ ᠤᠨ ᠲᠦᠷᠬᠢᠮᠡᠯ ᠪᠥᠰ ᠤᠨ ᠦᠢᠯᠡᠳᠪᠤᠷᠢᠯᠡᠯ ᠤᠨ ᠱᠤᠭᠤᠮ᠂ ᠤᠰᠤ ᠪᠣᠷᠳᠣᠭᠤᠷ ᠢ ᠨᠢᠭᠡ ᠴᠤᠭᠴᠠᠵᠢᠭᠤᠯᠤᠨ ᠢᠵᠢ ᠪᠥᠷᠢᠳᠦᠭᠦᠯᠬᠦ ᠬᠤᠭᠤᠯᠠᠶ ᠶᠢᠨ ᠮᠠᠲ᠋ᠧᠷᠢᠶᠠᠯ ᠤᠨ ᠦᠢᠯᠡᠳᠪᠤᠷᠢᠯᠡᠯ ᠤᠨ ᠱᠤᠭᠤᠮ ᠵᠡᠷᠭᠡ ᠶᠢ ᠪᠥᠲᠥᠭᠡᠨ ᠪᠠᠶᠢᠭᠤᠯᠵᠤ᠂ ᠲᠤᠬᠠᠶ ᠶᠢᠨ ᠦᠶ᠎ᠡ ᠳᠤ ᠵᠠᠯᠠᠶᠢᠳ ᠬᠤᠰᠢᠭᠤᠨ ᠤ ᠬᠢᠨ ᠵᠥᠭᠡᠯᠡᠨ ᠪᠡᠶᠡᠲᠦ ᠪᠣᠷᠣᠭᠠᠨ ᠤ ᠤᠰᠤ ᠶᠢ ᠴᠤᠭᠯᠠᠭᠤᠯᠤᠨ ᠤᠰᠤ ᠠᠷᠪᠢᠯᠠᠬᠤ ᠤᠰᠤᠯᠠᠯᠲᠠ ᠶᠢᠨ ᠰᠢᠨ᠎ᠡ ᠵᠠᠭᠪᠤᠷ ᠢ ᠨᠡᠭᠡᠭᠡᠬᠦ ᠪᠣᠯᠤᠨ᠎ᠠ᠃ ᠲᠣᠰ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠂ ᠵᠢᠯ ᠳᠤ 3 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ ᠢ ᠪᠡᠶᠡᠯᠡᠭᠦᠯᠵᠦ᠂ ᠵᠢᠱᠢᠯᠲᠡ ᠪᠠᠷ 150 ᠭᠠᠷᠤᠶ ᠬᠥᠮᠦᠨ ᠤ ᠠᠵᠢᠯ ᠣᠯᠭᠤᠯᠲᠠ ᠶᠢ ᠳᠠᠶᠢᠴᠢᠯᠠᠨ᠎ᠠ᠃    ︽ᠲᠣᠭᠠᠴᠢᠯᠠᠭᠰᠠᠨ ᠵᠥᠭᠡᠯᠡᠨ ᠪᠡᠶᠡᠲᠦ ᠤᠰᠤᠨ ᠵᠣᠭᠤᠷᠢ ᠶᠢᠨ ᠲᠥᠷᠥᠯ ᠵᠦᠢᠯ ᠪᠣᠯ ᠮᠠᠨ ᠤ ᠺᠣᠮᠫᠠᠨᠢ ᠶᠢᠨ ᠵᠠᠯᠠᠶᠢᠳ ᠬᠤᠰᠢᠭᠤᠨ ᠳᠤ ᠲᠥᠯᠥᠪᠵᠢᠭᠦᠯᠦᠨ ᠪᠥᠲᠥᠭᠡᠨ ᠪᠠᠶᠢᠭᠤᠯᠤᠭᠰᠠᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠪᠣᠯᠤᠨ᠎ᠠ᠂ ᠲᠣᠰ ᠲᠥᠷᠥᠯ ᠵᠦᠢᠯ ᠵᠢᠯ ᠳᠤ 150 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠦᠢᠯᠡᠳᠪᠤᠷᠢᠯᠡᠨ᠎ᠡ᠂ ᠡᠭᠦᠨ ᠢ ᠵᠠᠯᠠᠶᠢᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠳᠤ ᠢᠵᠢ ᠪᠥᠷᠢᠳᠦᠭᠦᠯᠦᠨ ᠬᠡᠷᠡᠭᠯᠡᠨ᠎ᠡ᠂ ᠲᠣᠰ ᠲᠥᠷᠥᠯ ᠵᠦᠢᠯ ᠤᠨ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠣᠷᠣᠨ ᠵᠠᠶ ᠶᠢ ᠶᠡᠭᠡ ᠪᠠᠷ ᠨᠡᠮᠡᠭᠳᠡᠭᠦᠯᠵᠦ᠂ ᠲᠤᠬᠠᠶ ᠶᠢᠨ ᠦᠶ᠎ᠡ ᠳᠤ ᠠᠮᠤ ᠪᠤᠳᠠᠭᠠᠨ ᠤ ᠮᠥ ᠪᠦᠷᠢ ᠶᠢᠨ ᠤᠨᠠᠯᠲᠠ ᠶᠢ 30% ᠣᠷᠴᠢᠮ ᠨᠡᠮᠡᠭᠳᠡᠭᠦᠯᠦᠨ᠎ᠡ︾ ᠭᠡᠵᠦ ᠥᠪᠥᠷ ᠮᠣᠩᠭᠤᠯ ᠤᠨ ᠭᠥᠸᠧ ᠵᠢᠢ ᠢ ᠯᠦᠩ ᠤᠰᠤ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠤᠰᠢᠶᠠᠯ ᠬᠠᠷᠢᠭᠤᠴᠠᠵᠤ ᠪᠠᠶᠢᠭ᠎ᠠ ᠦᠢᠯᠡᠳᠪᠦᠷᠢ ᠶᠢᠨ ᠳᠠᠷᠤᠭ᠎ᠠ ᠽᠧᠩ ᠮᠢᠩ ᠮᠢᠨ ᠬᠡᠯᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号